2021 ᠣᠨ ᠤ ᠪᠦᠬᠦ ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/12
      ︵ᠰᠤᠷᠪᠤᠯᠵᠢᠯᠠᠭᠴᠢ ᠮᠢᠶᠥᠥ ᠰᠢᠨ︶ 3 ᠳ᠋ᠤᠭᠠᠷ ᠰᠠᠷ᠎ᠠ ᠶᠢᠨ 11 ᠤ ᠡᠳᠦᠷ᠂ ᠪᠦᠬᠦ ᠬᠤᠲᠠ ᠶᠢᠨ ᠵᠡᠮᠳᠡᠭᠴᠦᠳ ᠤᠨ  ᠬᠤᠯᠪᠤᠭ᠎ᠠ ᠶᠢᠨ ᠠᠵᠢᠯ ᠤᠨ ᠬᠤᠷᠠᠯ ᠬᠤᠷᠠᠯᠳᠤᠪᠠ᠃      ᠬᠤᠷᠠᠯ ᠠᠴᠠ ᠪᠦᠬᠦ ᠤᠯᠤᠰ ᠤᠨ ᠵᠡᠮᠳᠡᠭᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2020 ᠣᠨ ᠤ ᠪᠦᠬᠦ ᠬᠤᠲᠠ ᠶᠢᠨ ᠵᠡᠮᠳᠡᠭᠴᠦᠳ ᠤᠨ ᠠᠵᠢᠯ ᠢ ᠡᠷᠭᠢᠴᠡᠭᠦᠯᠦᠨ ᠳ᠋ᠦᠩᠨᠡᠵᠦ᠂ 2021 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠨ ᠤ ᠵᠢᠯ ᠪᠣᠯᠣᠨ᠎ᠠ᠂ ᠪᠦᠬᠦ ᠬᠤᠲᠠ ᠶᠢᠨ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠤᠯᠠᠮ ᠨᠢᠭᠡ ᠠᠯᠬᠤᠮ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠨ︾᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠬᠢᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠨ᠂ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠥᠵᠢᠯ᠂ ᠠᠵᠢᠯ ᠣᠯᠭᠤᠯᠲᠠ᠂ ᠰᠣᠶᠣᠯ ᠪᠡᠶ᠎ᠡ ᠶᠢᠨ ᠲᠠᠮᠢᠷ ᠢ ᠤᠬᠠᠭᠤᠯᠬᠤ᠂ ᠡᠷᠬᠡ ᠪᠠᠨ ᠬᠠᠮᠠᠭᠠᠯᠠᠬᠤ ᠪᠠᠲᠤᠯᠠᠭ᠎ᠠ ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号