︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠮᠠᠨ ᠤ ᠣᠷᠣᠨ 10 ᠵᠦᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2021/3/15
      ︵ᠰᠤᠷᠪᠤᠯᠵᠢᠯᠠᠭᠴᠢ ᠯᠢᠦ ᠹᠠᠩ︶ ᠥᠴᠥᠭᠡᠳᠦᠷ᠂ ᠥᠪᠡᠷᠲᠡᠭᠡᠨ ᠵᠠᠰᠠᠬᠤ ᠣᠷᠣᠨ ᠤ ᠬᠤᠷᠠᠯᠳᠤᠭᠤᠯᠤᠭᠰᠠᠨ ︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢ ᠳᠤᠷᠠᠰᠬᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠭᠰᠠᠨ ᠢᠶᠠᠷ᠂ 2021 ᠣᠨ ᠤ ︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠪᠠᠶᠢᠭᠤᠯᠤᠭᠳᠠᠭᠰᠠᠨ 30 ᠵᠢᠯ ᠤᠨ ᠣᠢ ᠶᠢ ᠳᠤᠷᠠᠰᠬᠠᠬᠤ ᠶᠢᠨ ᠲᠥᠯᠥᠭᠡ᠂ ᠮᠠᠨ ᠤ ᠣᠷᠣᠨ ︽ᠠᠮᠤᠷ ᠲᠦᠪᠰᠢᠨ ᠢ ᠰᠠᠬᠢᠨ ᠬᠠᠮᠠᠭᠠᠯᠠᠵᠤ ᠬᠡᠷᠡᠭᠯᠡᠭᠡ ᠶᠢ ᠰᠠᠭᠠᠳ ᠦᠭᠡᠢ ᠪᠣᠯᠭᠠᠬᠤ︾  ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠵᠢᠯ ᠤᠨ ᠭᠤᠣᠯ ᠰᠡᠳᠦᠪ ᠤᠨ ᠲᠣᠭᠤᠷᠢᠨ ᠳᠤ 10 ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ︽3.15︾ ᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠳᠤ 10 ᠵᠦᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠡᠭᠦᠨ ᠳᠤ᠄ ︽ᠬᠡᠷᠡᠭᠯᠡᠭᠴᠢᠳ ᠤᠨ ᠠᠩᠬᠠᠷᠴᠤ ᠪᠠᠶᠢᠭ᠎ᠠ ᠡᠳᠡᠭᠡᠷ ᠤᠴᠢᠷ ᠤᠳ︾ ᠰᠢᠷᠢᠰ ᠲᠤᠰᠬᠠᠢ ᠹᠢᠯᠢᠮ ᠢ ᠰᠢᠩᠭᠡᠭᠡᠨ ᠦᠢᠯᠡᠳᠬᠦ᠂ ︽ᠦᠨᠡᠨ ᠬᠤᠳᠠᠯ ᠢ ᠢᠯᠭᠠᠬᠤ︾ ᠰᠢᠷᠢᠰ ᠶᠡᠷᠦ ᠶᠢᠨ ᠮᠡᠳᠡᠯᠭᠡ ᠶᠢᠨ ᠺᠠᠷᠲ ᠦᠢᠯᠡᠳᠬᠦ  ᠂ ︽ᠠᠮᠤᠷ ᠲᠦᠪᠰᠢᠨ ᠢ ᠰᠠᠬᠢᠨ ᠬᠠᠮᠠᠭᠠᠯᠠᠵᠤ ᠬᠡᠷᠡᠭᠯᠡᠭᠡ ᠶᠢ ᠰᠠᠭᠠᠳ ᠦᠭᠡᠢ ᠪᠣᠯᠭᠠᠬᠤ︾ ᠰᠢᠷᠢᠰ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯᠯᠠᠭ᠎ᠠ ᠥᠷᠨᠢᠭᠦᠯᠬᠦ᠂ 2021 ᠣᠨ ᠤ ︽3.15︾ ᠤ ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢ ᠳᠤᠷᠠᠰᠬᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠡᠳᠦᠪ  ᠲᠠᠢ ᠰᠢᠷᠢᠰ ᠲᠤᠰᠬᠠᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠬᠠᠮᠲᠤᠷᠠᠨ ᠡᠷᠬᠢᠯᠡᠬᠦ᠂ ︽ᠴᠢ ᠵᠢᠭᠠᠵᠤ ᠪᠢ ᠪᠠᠶᠢᠴᠠᠭᠠᠨ ᠬᠠᠮᠲᠤ ᠪᠠᠷ ᠣᠷᠣᠯᠴᠠᠵᠤ᠂ ᠢᠳᠡᠭᠡᠨ ᠤ ᠠᠶᠤᠯᠭᠦᠢ ᠶᠢ ᠬᠠᠮᠲᠤ ᠪᠠᠷ ᠬᠠᠮᠠᠭᠠᠯᠠᠬᠤ︾ ᠠᠵᠢᠯᠯᠠᠭ᠎ᠠ ᠶᠢ ᠥᠷᠨᠢᠭᠦᠯᠬᠦ᠂ ︽3.15᠂ ᠪᠢ ᠠᠮᠠᠯᠠᠶ᠎ᠠ︾ ᠪᠦᠬᠦ ᠣᠷᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠯᠢᠳᠡᠭ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠠᠵᠢᠯᠯᠠᠭ᠎ᠠ ᠶᠢ ᠥᠷᠨᠢᠭᠦᠯᠬᠦ᠂ ︽ᠵᠠᠬ᠎ᠠ ᠳᠡᠯᠭᠡᠭᠦᠷ ︵ᠬᠤᠳᠠᠯᠳᠤᠭᠠᠨ ᠤ ᠭᠠᠵᠠᠷ ᠬᠡᠲᠦ ᠳᠡᠯᠭᠡᠭᠦᠷ︶ ᠲᠤ ᠣᠷᠣᠬᠤ᠂ ᠠᠵᠤ ᠠᠬᠤᠶᠢᠯᠠᠯ ᠳᠤ ᠣᠷᠣᠬᠤ᠂ ᠲᠠᠷᠢᠶᠠᠯᠠᠬᠤ ᠲᠣᠰᠬᠤᠨ ︵ᠮᠠᠯᠵᠢᠬᠤ ᠣᠷᠣᠨ︶ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ︾ ᠠᠵᠢᠯᠯᠠᠭ᠎ᠠ ᠥᠷᠨᠢᠭᠦᠯᠬᠦ᠂ ᠬᠡᠷᠡᠭ ᠢᠶᠠᠷ ᠬᠠᠤᠯᠢ ᠶᠠᠷᠢᠬᠤ᠂ ᠬᠡᠷᠡᠭ ᠢᠶᠠᠷ ᠶᠣᠰᠣ ᠶᠠᠷᠢᠬᠤ᠂ ᠬᠡᠷᠡᠭ ᠢᠶᠠᠷ ᠰᠡᠷᠡᠮᠵᠢᠯᠡᠭᠦᠯᠬᠦ ᠬᠥᠮᠥᠵᠢᠯ ᠢᠶᠠᠷ ᠥᠷᠭᠡᠨ ᠣᠯᠠᠨ ᠬᠡᠷᠡᠭᠯᠡᠭᠴᠢᠳ ᠢ ᠤᠬᠠᠭᠤᠯᠬᠤ ᠠᠵᠢᠯᠯᠠᠭ᠎ᠠ ᠶᠢ ᠥᠷᠨᠢᠭᠦᠯᠬᠦ᠂ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠬᠤ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠲᠥᠪᠯᠡᠷᠡᠭᠦᠯᠦᠨ ᠥᠷᠨᠢᠭᠦᠯᠬᠦ ᠵᠡᠷᠭᠡ ᠠᠵᠢᠯᠯᠠᠭ᠎ᠠ ᠪᠠᠭᠲᠠᠨ᠎ᠠ᠃      ᠡᠭᠦᠨ ᠠᠴᠠ ᠭᠠᠳᠠᠨ᠎ᠠ᠂ ᠪᠦᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠰᠢᠭᠤᠳ ᠬᠠᠷᠢᠶ᠎ᠠ ᠮᠡᠷᠭᠡᠵᠢᠯ ᠤᠨ ᠪᠠᠶᠢᠭᠤᠯᠤᠮᠵᠢ ᠴᠦ  ᠪᠠᠶᠠᠯᠢᠭ ᠠᠭᠤᠯᠭ᠎ᠠ ᠲᠠᠢ ᠲᠤᠷᠠᠰᠬᠠᠨ ᠲᠡᠮᠳᠡᠭᠯᠡᠬᠦ ᠠᠵᠢᠯᠯᠠᠭ᠎ᠠ ᠥᠷᠨᠢᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号