28 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ
ᠨᠡᠶᠢᠲᠡᠯᠡᠭᠰᠡᠨ ᠴᠠᠭ᠄
2021/3/18
      3 ᠳ᠋ᠤᠭᠠᠷ ᠰᠠᠷ᠎ᠠ ᠶᠢᠨ 16 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ 2021 ᠣᠨ ᠤ 28 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃      ᠲᠤᠰ ᠤᠳᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠳᠤ ᠲᠠᠷᠢᠶᠠᠯᠠᠩ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠴᠢᠬᠢ ᠮᠣᠳᠣ ᠴᠡᠴᠡᠭ ᠬᠤᠸᠠᠷ᠂ ᠲᠠᠷᠢᠶᠠᠯᠠᠩ ᠣᠢ ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠵᠢᠷᠭᠤᠭᠠᠨ ᠶᠡᠭᠡ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠪᠦᠲᠦᠭᠡᠭᠳᠡᠬᠦᠨ ᠨᠢ ᠲᠠᠷᠢᠶᠠᠯᠠᠩ ᠮᠠᠯ ᠠᠵᠤ ᠠᠬᠤᠢ ᠶᠢᠨ ᠲᠠᠷᠢᠵᠤ ᠲᠡᠵᠢᠭᠡᠬᠦ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠬᠤᠯᠪᠣᠭᠳᠠᠵᠠᠢ᠃ ᠢᠯᠠᠩᠭᠤᠶ᠎ᠠ ᠣᠯᠠᠨ ᠣᠯᠠᠨ ᠳᠡᠭᠡᠳᠦ ᠰᠢᠨ᠎ᠡ ᠮᠡᠷᠭᠡᠵᠢᠯ ᠪᠠ ᠲᠤᠰᠬᠠᠶ ᠠᠰᠢᠭ ᠤᠨ ᠮᠡᠷᠭᠡᠵᠢᠯ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠡᠯᠡᠰᠦᠨ ᠳᠡᠭᠡᠷ᠎ᠡ ᠤᠰᠤ ᠬᠡᠷᠡᠭᠯᠡᠬᠦ ᠦᠭᠡᠢ ᠪᠠᠷ ᠲᠠᠷᠢᠬᠤ ᠮᠡᠷᠭᠡᠵᠢᠯ᠂ ᠣᠯᠠᠨ ᠬᠡᠷᠡᠭᠴᠡᠭᠡᠲᠦ ᠠᠮᠢ ᠠᠬᠤᠢ ᠶᠢᠨ ᠪᠣᠷᠳᠣᠭᠤᠷ᠂ ᠥᠨᠳᠥᠷ ᠤᠨᠠᠯᠲᠠ ᠲᠠᠢ ᠡᠷᠳᠡᠨᠢ ᠰᠢᠰᠢ ᠶᠢᠨ ᠦᠷ᠎ᠡ᠂ ᠰᠢᠷᠤᠢ ᠬᠡᠷᠡᠭᠯᠡᠬᠦ ᠦᠭᠡᠢ ᠪᠠᠷ ᠪᠣᠶᠢᠵᠢᠭᠤᠯᠬᠤ᠂ ᠲᠠᠷᠢᠶᠠᠯᠠᠭ᠎ᠠ ᠳᠤ ᠬᠡᠷᠡᠭᠯᠡᠬᠦ ᠵᠢᠯᠣᠭᠤᠴᠢ ᠦᠭᠡᠢ ᠨᠢᠰᠬᠡᠯ ᠵᠡᠷᠭᠡ ᠳᠡᠭᠡᠳᠦ ᠰᠢᠨᠵᠢᠯᠡᠬᠦ ᠮᠡᠷᠭᠡᠵᠢᠯ ᠤᠨ ᠪᠦᠲᠦᠭᠡᠭᠳᠡᠬᠦᠨ ᠦᠵᠡᠰᠬᠦᠯᠡᠩ ᠤᠨ ᠬᠤᠷᠠᠯ ᠳᠡᠭᠡᠷ᠎ᠡ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号