4 ᠳ᠋ᠦ᠋ᠭᠡᠷ ᠰᠠᠷ᠎ᠠ ᠶᠢᠨ 15 ᠤ ᠡᠳᠦᠷ ᠪᠣᠯ ᠵᠢᠷᠭᠤᠭᠠᠳᠠᠭᠢ ᠪᠦᠬᠦ ᠢᠷᠭᠡᠳ ᠤᠨ ᠤᠯᠤᠰ ᠤᠨ ᠠᠮᠤᠷ | ᠲᠦᠪᠰᠢᠨ ᠤ ᠬᠥᠮᠥᠵᠢᠯ ᠤᠨ ᠡᠳᠦᠷ ᠪᠣᠯᠣᠨ᠎ᠠ᠂ ᠲᠤᠰ ᠡᠳᠦᠷ ᠮᠠᠨ ᠤ ᠬᠤᠲᠠ ︽ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠶ᠎ᠠ︾ ᠪᠠᠷ ᠰᠡᠳᠦᠪᠯᠡᠵᠦ᠂ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠬᠥᠮᠥᠵᠢᠯ ᠤᠨ | ᠠᠵᠢᠯᠯᠠᠭ᠎ᠠ ᠥᠷᠨᠢᠭᠦᠯᠪᠡ᠃ | ᠦᠳᠡ ᠶᠢᠨ ᠡᠮᠦᠨ᠎ᠡ ᠶᠢᠨ 9 ᠴᠠᠭ ᠲᠤ᠂ ᠥᠪᠥᠷ ᠮᠣᠩᠭᠤᠯ ᠤᠨ ᠮᠦᠽᠧᠢ ᠶᠢᠨ ᠡᠮᠦᠨ᠎ᠡ ᠲᠠᠯᠠᠪᠠᠢ ᠳᠤ | ᠶᠠᠪᠤᠭᠳᠠᠭᠰᠠᠨ 4.15 ᠤ ᠪᠦᠬᠦ ᠢᠷᠭᠡᠳ ᠤᠨ ᠤᠯᠤᠰ ᠤᠨ ᠠᠮᠤᠷ ᠲᠦᠪᠰᠢᠨ ᠤ ᠬᠥᠮᠥᠵᠢᠯ ᠤᠨ ᠡᠳᠦᠷ ᠤᠨ | ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠨᠢ ᠥᠷᠭᠡᠨ ᠣᠯᠠᠨ ᠬᠤᠲᠠ ᠶᠢᠨ ᠢᠷᠭᠡᠳ ᠤᠨ ᠠᠩᠬᠠᠷᠤᠯ ᠢ ᠲᠠᠲᠠᠪᠠ᠃ | ᠠᠵᠢᠯᠯᠠᠭ᠎ᠠ ᠶᠢᠨ ᠠᠬᠤᠢ ᠲᠠᠯᠠᠪᠠᠢ ᠶᠢᠨ ᠦᠵᠡᠭᠦᠯᠭᠡ ᠶᠢᠨ ᠰᠠᠮᠪᠠᠷ᠎ᠠ ᠳᠡᠭᠡᠷ᠎ᠡ᠂ ᠵᠢᠷᠤᠭ ᠦᠰᠦᠭ ᠢ ᠬᠠᠪᠰᠤᠷᠭᠠᠨ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠤᠳᠬ᠎ᠠ ᠠᠭᠤᠯᠭ᠎ᠠ ᠪᠠ 12 ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠳᠠᠬᠢ ᠤᠯᠤᠰ ᠤᠨ ᠠᠮᠤᠷ ᠲᠦᠪᠰᠢᠨ ᠤ ᠠᠵᠢᠯ ᠤᠨ ᠡᠭᠦᠷᠭᠡ ᠶᠢ ᠲᠠᠨᠢᠯᠴᠠᠭᠤᠯᠵᠤ᠂ ᠬᠤᠲᠠ ᠶᠢᠨ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠵᠢᠴᠢ ᠭᠡᠰᠢᠭᠦᠨ ᠨᠢᠭᠡᠴᠡ ᠶᠢᠨ ᠰᠠᠶᠢᠨ | ᠳᠤᠷᠠᠴᠤᠳ ᠨᠠᠭᠠᠰᠢ ᠴᠠᠭᠠᠰᠢ ᠶᠠᠪᠤᠭ᠎ᠠ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ︽ | ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠠᠶᠢᠯᠤᠮᠵᠢ ᠬᠢᠪᠡ᠃ | | ︽ᠦᠵᠡᠭᠦᠯᠭᠡ ᠶᠢ ᠦᠵᠡᠭᠡᠳ ᠪᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠳᠤ ᠤᠯᠠᠮ | ᠭᠦᠨᠵᠡᠭᠡᠢ᠂ ᠪᠦᠬᠦ ᠲᠠᠯ᠎ᠠ ᠶᠢᠨ ᠣᠶᠢᠯᠠᠭᠠᠯᠲᠠ ᠲᠠᠨᠢᠯᠲᠠ ᠲᠠᠢ ᠪᠣᠯᠵᠤ᠂ ᠡᠭᠦᠨ ᠤ ᠵᠡᠷᠭᠡ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠤᠬᠠᠮᠰᠠᠷ ᠴᠦ ᠳᠡᠭᠡᠭᠰᠢᠯᠡᠯᠡ︾ ᠭᠡᠵᠦ ᠬᠤᠲᠠ ᠶᠢᠨ ᠢᠷᠭᠡᠨ ᠯᠢ ᠣᠪᠣᠭᠲᠤ ᠡᠮᠡᠭᠲᠡᠢ | ᠬᠡᠯᠡᠵᠦ ᠪᠠᠶᠢᠪᠠ᠃ | ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ | ᠭᠡᠷ ᠠᠴᠠ ᠡᠪᠯᠡᠯ ᠤᠨ ᠬᠤᠲᠠ ᠶᠢᠨ ᠬᠤᠷᠢᠶ᠎ᠠ ᠲᠠᠢ ᠬᠠᠮᠲᠤᠷᠠᠨ ︽ᠤᠯᠠᠭᠠᠨ ᠪᠦᠴᠡᠲᠡᠨ ᠰᠡᠳᠬᠢᠯ ᠰᠠᠨᠠᠭ᠎ᠠ ᠪᠠᠷ ᠢᠶᠠᠨ | ᠨᠠᠮ ᠤᠨ ᠳᠠᠭᠠᠵᠤ᠂ ᠠᠮᠤᠷ ᠲᠦᠪᠰᠢᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠪᠦᠬᠦ | ᠬᠤᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠦᠬᠦ ᠢᠷᠭᠡᠳ ᠤᠨ ᠤᠯᠤᠰ ᠤᠨ ᠠᠮᠤᠷ ᠲᠦᠪᠰᠢᠨ ᠤ | ᠬᠥᠮᠥᠵᠢᠯ ᠤᠨ ᠡᠳᠦᠷ ᠤᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠲᠠᠪᠤᠨ ᠰᠤᠪᠤᠷᠭ᠎ᠠ ᠪᠠᠭ᠎ᠠ | ᠰᠤᠷᠭᠠᠭᠤᠯᠢ ᠶᠢᠨ ᠰᠤᠷᠭᠠᠨ ᠬᠥᠮᠥᠵᠢᠯ ᠤᠨ ᠪᠦᠯᠦᠭᠯᠡᠯ ᠤᠨ ᠪᠠᠭ᠎ᠠ ᠲᠦᠷᠭᠡᠨ ᠭᠤᠣᠯ ᠲᠣᠭᠤᠷᠢᠭ ᠲᠤ ᠶᠠᠪᠤᠭᠳᠠᠪᠠ᠃ | ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠳᠠᠮᠵᠢᠨ᠂ ᠬᠡᠦᠬᠡᠳ ᠤᠳ ᠲᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠭᠡᠳᠡᠭ ᠢ ᠨᠡᠩ ᠲᠣᠳᠣᠷᠬᠠᠢ ᠲᠠᠨᠢᠭᠤᠯᠵᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠦᠨᠡᠨᠬᠦ ᠴᠢᠩᠭᠠᠳᠬᠠᠨ᠂ ᠬᠡᠦᠬᠡᠳ ᠤᠳ ᠤᠨ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭᠠᠲᠤ ᠣᠪᠣᠷ ᠢ ᠤᠯᠠᠮ ᠨᠢᠭᠡ ᠠᠯᠬᠤᠮ ᠴᠢᠩᠭᠠᠳᠬᠠᠪᠠ᠃ | 19 ᠴᠠᠭ ᠲᠤ᠂ ︽ᠶᠡᠷᠦᠩᠬᠡᠢ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠤᠭᠤᠰᠢᠯᠠᠭᠤᠯᠵᠤ ᠠᠮᠤᠷ | ᠲᠦᠪᠰᠢᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠠᠭᠤᠯᠭ᠎ᠠ ᠪᠠᠷ ᠰᠡᠳᠦᠪᠯᠡᠭᠰᠡᠨ ᠪᠦᠬᠦ | ᠢᠷᠭᠡᠳ ᠤᠨ ᠤᠯᠤᠰ ᠤᠨ ᠠᠮᠤᠷ ᠲᠦᠪᠰᠢᠨ ᠤ ᠬᠥᠮᠥᠵᠢᠯ ᠤᠨ ᠡᠳᠦᠷ ᠤᠨ ᠭᠤᠣᠯ ᠰᠡᠳᠦᠪᠲᠦ ᠦᠳᠡᠰᠢᠯᠡᠭᠡ ᠶᠢ | ᠤᠯᠠᠭᠠᠨ ᠲᠢᠶᠠᠲᠷ ᠲᠤ ᠲᠣᠭᠯᠠᠪᠠ᠃ ᠰᠤᠷᠭᠠᠭᠤᠯᠢ᠂ ᠨᠡᠶᠢᠭᠡᠮ ᠲᠣᠭᠤᠷᠢᠭ᠂ ᠴᠡᠷᠢᠭ ᠠᠩᠬᠢ᠂ ᠪᠠᠶᠢᠭᠤᠯᠤᠯᠭ᠎ᠠ᠂ | ᠬᠥᠳᠡᠭᠡ ᠲᠣᠰᠬᠤᠨ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠪᠥᠵᠢᠭ᠂ ᠳᠠᠭᠤᠤ᠂ ᠤᠷᠠᠨ | ᠤᠩᠰᠢᠯᠭ᠎ᠠ᠂ ᠦᠵᠡᠭᠳᠡᠯᠲᠦ ᠵᠦᠴᠦᠭᠡ ᠵᠡᠷᠭᠡ ᠠᠳᠠᠯᠢ ᠪᠤᠰᠤ ᠬᠡᠯᠪᠡᠷᠢ ᠪᠠᠷ ᠬᠤᠳᠠ ᠶᠢᠨ ᠠᠷᠠᠳ ᠤᠯᠠᠨ ᠳᠤ ᠨᠢᠭᠡᠨ | ᠴᠠᠭ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠦᠪᠡᠳᠡᠭᠰᠢ ᠳᠠᠶᠢᠯᠠᠯᠭ᠎ᠠ ᠶᠢ | ᠳᠡᠪᠰᠢᠭᠦᠯᠵᠡᠢ᠃ | ︽ᠵᠥᠪᠬᠡᠨ ᠪᠦᠬᠦ ᠢᠷᠭᠡᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠨᠡᠶᠢᠭᠡᠮ ᠤᠨ ᠬᠥᠷᠥᠰᠥ ᠰᠢᠷᠣᠢ ᠶᠢ ᠰᠢᠮᠡᠯᠡᠵᠦ᠂ ᠤᠯᠤᠰ ᠤᠨ | ᠠᠮᠤᠷ ᠲᠦᠪᠰᠢᠨ ᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠᠯ ᠰᠠᠶ᠋ᠢ ᠤᠯᠤᠰ ᠤᠨ ᠠᠮᠤᠷ | ᠲᠦᠪᠰᠢᠨ ᠢ ᠪᠠᠲᠤᠯᠠᠨ ᠬᠠᠮᠠᠭᠠᠯᠠᠬᠤ ᠬᠦᠷᠡᠯ ᠬᠡᠷᠡᠮ ᠲᠡᠮᠦᠷ ᠬᠠᠨ᠎ᠠ ᠶᠢ ᠪᠠᠶᠢᠭᠤᠯᠵᠤ ᠴᠢᠳᠠᠨ᠎ᠠ᠃︾ ᠬᠤᠲᠠ ᠶᠢᠨ | ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠢᠯᠡᠷᠬᠡᠶᠢᠯᠡᠬᠦ ᠳᠡᠭᠡᠨ᠂ ᠮᠠᠨ ᠤ ᠬᠤᠲᠠ ᠪᠠᠰᠠ ᠦᠷᠭᠦᠯᠵᠢᠯᠡᠨ ᠶᠡᠷᠦ ᠶᠢᠨ ᠮᠡᠳᠡᠯᠭᠡ ᠶᠢᠨ | ᠥᠷᠢᠰᠦᠯᠳᠦᠭᠡᠨᠲᠦ ᠤᠷᠤᠯᠳᠤᠭᠠᠨ᠂ ᠲᠤᠰᠬᠠᠢ ᠰᠡᠳᠦᠪᠲᠦ ᠰᠤᠷᠪᠤᠯᠵᠢᠯᠠᠭ᠎ᠠ ᠵᠢᠴᠢ ᠤᠯᠤᠰ ᠤᠨ ᠶᠡᠷᠦᠩᠬᠡᠢ ᠠᠮᠤᠷ | ᠲᠦᠪᠰᠢᠨ ᠢ ᠲᠣᠭᠤᠷᠢᠨ ᠲᠠᠶᠢᠯᠪᠤᠷᠢᠯᠠᠬᠤ ᠶᠢ ︽ᠪᠠᠶᠢᠭᠤᠯᠭ᠎ᠠ ᠳᠤ ᠣᠷᠣᠭᠤᠯᠬᠤ︾ ︽ᠰᠤᠷᠭᠠᠭᠤᠯᠢ ᠳᠤ | ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠬᠤᠯᠪᠣᠭᠳᠠᠯ ᠪᠦᠬᠦᠢ | ᠲᠣᠭᠯᠠᠯᠲᠠ ᠶᠢ ᠵᠣᠬᠢᠶᠠᠨ ᠪᠦᠲᠦᠭᠡᠵᠦ᠂ ᠲᠥᠯᠥᠪᠯᠡᠭᠡ ᠲᠠᠢ ᠴᠢᠭᠯᠡᠭᠦᠯᠦᠯᠲᠡ ᠴᠢᠨᠠᠷ ᠲᠠᠢ ᠪᠠᠷ ᠦᠨᠳᠦᠰᠦᠨ | ᠱᠠᠲᠤᠨ ᠢᠶᠠᠷ ᠲᠣᠭᠤᠷᠢᠨ ᠲᠣᠭᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠰᠤᠷᠤᠯᠴᠠᠯᠭ᠎ᠠ ᠬᠥᠮᠥᠵᠢᠯ ᠢ ︽ | ᠳᠣᠯᠤᠭ᠎ᠠ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠥᠪ ᠬᠤᠲᠠ ᠳᠤ ︽ᠤᠯᠤᠰ ᠤᠨ | ᠠᠮᠤᠷ ᠲᠦᠪᠰᠢᠨ ᠴᠢ ᠪᠢᠳᠠᠨ ᠳᠤ ᠬᠤᠯᠪᠣᠭᠳᠠᠵᠤ ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ | ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ ᠭᠡᠵᠡᠢ᠃ ︵ᠰᠦᠨ ᠶᠤᠸᠡᠢ ᠯᠦᠩ︶ | |