ᠮᠠᠨ ᠤ ᠬᠤᠲᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠰᠠᠷ᠎ᠠ ᠶᠢᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/10
ᠸᠠᠩ ᠯᠢ ᠰᠢᠶᠠ  ᠾᠧ ᠬᠠᠢ ᠳ᠋ᠦᠩ ᠦᠨᠡᠯᠡᠵᠦ ᠼᠤᠤ ᠰᠧ ᠶᠠᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 5 ᠳ᠋ᠤᠭᠠᠷ ᠰᠠᠷ᠎ᠠ ᠶᠢᠨ 8 ᠤ ᠡᠳᠦᠷ᠂ ᠮᠠᠨ ᠤ ᠬᠤᠲᠠ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠰᠠᠷ᠎ᠠ ᠶᠢᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠪᠠ᠃ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠳᠠᠷᠠᠭᠠᠯᠠᠨ ᠦᠭᠡ ᠶᠠᠷᠢᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠤᠨ ᠦᠨᠡᠯᠡᠯᠲᠡ ᠶᠢ ᠬᠦᠯᠢᠶᠡᠪᠡ᠃ ᠭᠡᠷ ᠪᠠᠶᠢᠰᠢᠩ ᠤᠨ ᠪᠠᠲᠤᠯᠠᠪᠤᠷᠢ ᠶᠢ ᠭᠦᠢᠴᠡᠳᠬᠡᠬᠦ᠂ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠵᠡᠷᠭᠡ ᠠᠰᠠᠭᠤᠳᠠᠯ ᠡᠨᠡ ᠰᠠᠷ᠎ᠠ ᠶᠢᠨ ᠠᠵᠢᠯ ᠢ ᠦᠨᠡᠯᠡᠬᠦ ᠬᠤᠷᠠᠯ ᠳᠤ ᠳᠤᠷᠠᠳᠤᠭᠳᠠᠪᠠ᠃      ᠣᠷᠴᠢᠮ ᠤᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠸᠠᠩ ᠯᠢ ᠰᠢᠶᠠ ᠵᠢᠭᠠᠬᠤ ᠳᠠᠭᠠᠨ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ 5 ᠳ᠋ᠤᠭᠠᠷ ᠰᠠᠷ᠎ᠠ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷᠢᠯᠭ᠎ᠠ ᠶᠢᠨ ᠰᠢᠵᠢᠷ ᠠᠯᠲᠠᠨ ᠴᠠᠭ ᠬᠤᠭᠤᠴᠠᠭ᠎ᠠ ᠶᠢ ᠠᠮᠵᠢᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠭᠠᠷᠳᠠᠨ ᠬᠢᠵᠦ᠂ ᠪᠡᠶ᠎ᠡ ᠪᠠᠷ ᠢᠶᠠᠨ ᠰᠢᠮᠳᠠᠭᠤᠯᠤᠨ ᠭᠦᠢᠴᠡᠳᠬᠡᠵᠦ᠂ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠶᠢ ᠲᠦᠷᠭᠡᠳᠬᠡᠬᠦ᠂ ᠭᠠᠷᠳᠠᠮ ᠭᠦᠢᠴᠡᠳᠬᠡᠬᠦ ᠶᠢ ᠲᠦᠷᠭᠡᠳᠬᠡᠬᠦ᠂ ᠪᠡᠯᠡ ᠣᠷᠣᠭᠤᠯᠤᠯᠲᠠ ᠶᠢ ᠡᠷᠴᠢᠮᠵᠢᠭᠦᠯᠬᠦ ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠲᠦᠷᠭᠡᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠢ ᠠᠳᠬᠤᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠲᠠᠢ ᠨᠢᠭᠲᠠ ᠤᠶᠠᠯᠳᠤᠭᠤᠯᠤᠨ ᠲᠦᠷᠦᠯ ᠵᠦᠢᠯ ᠢ ᠠᠳᠬᠤᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠬᠦᠴᠦᠨ ᠵᠦᠢᠯ ᠢ ᠲᠤᠬᠢᠷᠠᠭᠤᠯᠬᠤ ᠶᠢ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠦᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠤᠯᠠᠭᠠᠨ ᠱᠤᠭᠤᠮ ᠢ ᠴᠢᠩᠭ᠎ᠠ ᠰᠠᠬᠢᠵᠤ᠂ ᠠᠰᠠᠭᠤᠳᠠᠯ ᠲᠠᠢ ᠨᠢᠭᠲᠠ ᠤᠶᠠᠯᠳᠤᠭᠤᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠳᠬᠤᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠬᠦᠢᠴᠡᠳᠭᠡᠯ ᠲᠤᠭ᠎ᠠ ᠶᠢᠨ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠰᠠᠶᠢᠲᠤᠷ ᠠᠳᠬᠤᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠬᠢᠴᠠ ᠶᠢ ᠲᠦᠷᠭᠡᠳᠬᠡᠵᠦ᠂ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠠᠳᠬᠤᠵᠤ ᠲᠦᠷᠭᠡᠨ ᠠᠵᠢᠯᠯᠠᠨ᠂ ᠪᠠᠷᠢᠮᠵᠢᠶ᠎ᠠ ᠶᠢ ᠳᠡᠭᠡᠭᠰᠢᠯᠡᠭᠦᠯᠦᠨ ᠠᠳᠬᠤᠵᠤ᠂ ᠴᠡᠯᠡᠭᠡᠷ ᠲᠠᠯ᠎ᠠ ᠪᠠᠷ ᠵᠢᠱᠢᠶ᠎ᠡ ᠪᠣᠯᠭᠠᠨ ᠪᠦᠬᠦ ᠬᠤᠳᠠ ᠶᠢᠨ ᠦᠵᠡᠮᠵᠢ ᠶᠢᠨ ᠣᠷᠣᠨ ᠳᠤ ᠲᠤᠰᠬᠠᠢ ᠰᠡᠳᠦᠪᠲᠦ ᠰᠤᠳᠤᠯᠭᠠᠨ ᠬᠢᠵᠦ᠂ ᠲᠤᠰᠬᠠᠢ ᠲᠦᠷᠦᠯ ᠢᠶᠠᠷ ᠠᠬᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠠᠳᠬᠤᠬᠤ ᠬᠡᠷᠡᠭᠲᠡᠢ᠃ ᠬᠡᠷ ᠭᠠᠵᠠᠷ ᠤᠨ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠡᠩᠰᠡᠯᠡᠨ ᠲᠡᠮᠳᠡᠭᠯᠡᠬᠦ ᠶᠢ ᠲᠦᠷᠭᠡᠳᠬᠡᠨ ᠠᠬᠢᠭᠤᠯᠵᠤ᠂ ᠡᠨᠡ ᠬᠦ ᠠᠵᠢᠯ ᠢ ᠦᠷᠭᠦᠯᠵᠢᠯᠡᠨ ︽ᠠᠷᠠᠳ ᠤᠯᠠᠨ ᠳᠤ ᠪᠣᠳᠠᠳᠤ ᠶᠠᠪᠤᠳᠠᠯ ᠬᠢᠬᠦ︾ ᠭᠤᠤᠯᠳᠠᠯᠭ᠎ᠠ ᠲᠠᠢ ᠠᠵᠢᠯ ᠪᠣᠯᠭᠠᠵᠤ᠂ ᠡᠷᠦᠬᠡ ᠬᠤᠪᠢᠶᠠᠨ ᠭᠦᠢᠴᠡᠳᠬᠡᠵᠦ ᠳᠠᠭᠤᠰᠬᠠᠬᠤ ᠨᠣᠷᠮ᠎ᠠ ᠶᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠯᠠᠨ ᠲᠦᠮᠡᠨ ᠢ ᠤᠯᠠᠮ ᠴᠢᠨᠠᠭᠰᠢᠳᠠ ᠬᠥᠲᠥᠯᠥᠨ ᠳᠠᠶᠢᠴᠢᠯᠠᠵᠤ᠂ ᠡᠳᠦᠷ ᠳᠤᠳᠤᠮ ᠤᠨ ᠪᠠᠶᠢᠴᠠᠭᠠᠯᠲᠠ ᠶᠢ ᠴᠢᠩᠭᠠᠳᠬᠠᠨ᠂ ᠨᠠᠷᠢᠨ ᠪᠣᠳᠠᠲᠠᠢ ᠠᠳᠬᠤᠵᠤ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠵᠠᠭᠠᠯᠳᠤᠯᠭ᠎ᠠ ᠶᠢ ᠲᠣᠰᠤᠭᠰᠠᠨ ᠳᠠᠷᠤᠢ ᠭᠦᠢᠴᠡᠳᠬᠡᠬᠦ ᠶᠢ ᠣᠨᠣᠪᠴᠢᠲᠠᠢ ᠲᠦᠷᠭᠡᠨ᠂ ᠪᠦᠲᠦᠨ ᠪᠢᠲᠡᠭᠦᠦ ᠴᠠᠭᠠᠷᠢᠭ ᠬᠡᠯᠪᠡᠷᠢ ᠪᠠᠷ ᠠᠳᠬᠤᠵᠤ᠂ ᠠᠵᠤ ᠠᠬᠤᠶᠢᠯᠠᠯ ᠳᠤ ᠦᠢᠯᠡᠴᠢᠯᠡᠬᠦ ᠡᠭᠦᠷᠭᠡ ᠴᠢᠳᠠᠪᠬᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠤᠴᠤᠷᠬᠤ ᠦᠭᠡᠢ ᠤᠷᠢᠳᠠᠬᠤ ᠪᠠᠷ ᠴᠢᠷᠮᠠᠶᠢᠵᠤ᠂ ᠮᠠᠩᠯᠠᠶᠢᠯᠠᠬᠤ ᠪᠠᠷ ᠴᠢᠷᠮᠠᠶᠢᠨ ᠠᠵᠢᠯᠯᠠᠵᠤ᠂ ᠠᠷᠠᠳ ᠤᠯᠠᠨ ᠳᠤ ᠪᠣᠳᠠᠲᠤ ᠶᠠᠪᠤᠳᠠᠯ ᠬᠢᠬᠦ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠰᠦᠪᠡᠭᠴᠢ ᠶᠢ ᠰᠢᠢᠳᠪᠦᠷᠢᠯᠡᠬᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠠᠷᠬᠠᠭ ᠭᠡᠮ ᠢ ᠴᠡᠭᠴᠡᠯᠡᠨ ᠵᠠᠰᠠᠬᠤ ᠡᠭᠦᠷᠭᠡ ᠶᠢ ᠰᠠᠶᠢᠲᠤᠷ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠷ ᠲᠣᠭᠲᠠᠭᠤᠨ ᠪᠠᠶᠢᠳᠠᠯ ᠢ ᠠᠳᠬᠤᠬᠤ ᠬᠡᠷᠡᠭᠲᠡᠢ ᠭᠡᠵᠡᠢ᠃      ᠸᠠᠩ ᠯᠢ ᠰᠢᠶᠠ  ᠪᠠᠰᠠ ᠺᠠᠳ᠋ᠷᠴᠤᠳ ᠤᠨ ᠰᠤᠷᠲᠠᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠠᠳᠬᠤᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠣᠣ ᠰᠧ ᠶᠠᠩ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号