ᠮᠠᠨ ᠤ ᠬᠤᠲᠠ ᠶᠢᠨ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠰᠬᠠᠢ ᠲᠥᠷᠥᠯ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/5/18
      ︵ᠰᠤᠷᠪᠤᠯᠵᠢᠯᠠᠭᠴᠢ ᠯᠢᠦ ᠱᠠ ᠱᠠ︶ 5 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠮᠠᠨ ᠤ ᠬᠤᠲᠠ ᠶᠢᠨ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠢ ᠲᠥᠷᠥᠯ ᠢᠶᠠᠷ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠲᠠ ᠶᠢᠨ ᠵᠠᠭᠠᠯᠳᠤᠯᠭ᠎ᠠ ᠶᠢ ᠬᠦᠯᠢᠶᠡᠭᠰᠡᠨ ᠳᠠᠷᠤᠢ ᠭᠦᠢᠴᠡᠳᠬᠡᠬᠦ ᠵᠢᠯᠣᠭᠤᠳᠤᠨ ᠲᠣᠬᠢᠷᠠᠭᠤᠯᠬᠤ ᠲᠥᠪ ᠲᠤ ᠬᠦᠷᠴᠦ᠂ ᠲᠥᠪ ᠤᠨ ᠠᠵᠢᠯᠯᠠᠭᠠᠨ ᠤ ᠪᠠᠶᠢᠳᠠᠯ᠂ ᠬᠡᠰᠡᠭ ᠬᠤᠯᠪᠣᠭᠠᠯᠠᠬᠤ ᠨᠢᠭᠡᠴᠡ ᠶᠢᠨ ᠭᠦᠢᠴᠡᠳᠬᠡᠵᠦ ᠪᠠᠶᠢᠭ᠎ᠠ ᠪᠠᠶᠢᠳᠠᠯ᠂ ᠭᠦᠢᠴᠡᠳᠬᠡᠬᠦ ᠵᠢᠴᠢ ᠬᠤᠯᠪᠣᠭᠳᠠᠯ ᠪᠦᠬᠦᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠦᠢᠴᠡᠳᠬᠡᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号