ᠬᠤᠲᠠ ᠶᠢᠨ ᠳᠤᠮᠳᠠᠳᠤ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠶᠢᠨ 24 ᠴᠠᠭ ᠤᠨ ᠥᠪᠡᠷᠲᠡᠭᠡᠨ ᠦᠢᠯᠡᠴᠢᠯᠡᠬᠦ ᠵᠠᠭᠠᠯᠳᠤᠯᠭ᠎ᠠ ᠶᠢᠨ ᠦᠢᠯᠡᠴᠢᠯᠡᠭᠡᠨ ᠤ ᠥᠷᠲᠡᠭᠡ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/5/7
       ︵ᠰᠤᠷᠪᠤᠯᠵᠢᠯᠠᠭᠴᠢ ᠮᠢᠶᠥᠥ ᠰᠢᠨ︶ 5 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠳᠤᠮᠳᠠᠳᠤ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠳᠤ᠂ ᠲᠤᠰ ᠬᠤᠷᠢᠶ᠎ᠠ ᠶᠢᠨ 24 ᠴᠠᠭ ᠤᠨ ᠥᠪᠡᠷᠲᠡᠭᠡᠨ ᠦᠢᠯᠡᠴᠢᠯᠡᠬᠦ ᠵᠠᠭᠠᠯᠳᠤᠯᠭ᠎ᠠ ᠶᠢᠨ ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠯᠠᠨ ᠲᠦᠮᠡᠨ ᠪᠠᠩᠬᠢ ᠶᠢᠨ ATM ᠮᠠᠰᠢᠨ ᠢ ᠬᠡᠷᠡᠭᠯᠡᠵᠦ ᠪᠠᠶᠢᠬᠤ ᠲᠠᠢ ᠠᠳᠠᠯᠢ ᠠᠯᠢ ᠴᠦ ᠴᠠᠭ ᠮᠥᠴᠡ ᠳᠤ᠂ ᠣᠶᠣᠨᠴᠢᠯᠠᠭᠰᠠᠨ᠂ 24 ᠴᠠᠭ ᠤᠨ ᠵᠠᠭᠠᠯᠳᠤᠯᠭ᠎ᠠ ᠶᠢᠨ ᠦᠢᠯᠡᠴᠢᠯᠡᠭᠡ ᠬᠦᠷᠲᠡᠵᠦ ᠪᠣᠯᠣᠨ᠎ᠠ᠃ ᠥᠪᠡᠷᠲᠡᠭᠡᠨ ᠦᠢᠯᠡᠴᠢᠯᠡᠬᠦ ᠵᠠᠭᠠᠯᠳᠤᠯᠭ᠎ᠠ ᠶᠢᠨ ᠦᠢᠯᠡᠴᠢᠯᠡᠭᠡᠨ ᠤ ᠮᠠᠰᠢᠨ ᠳᠡᠭᠡᠷ᠎ᠡ᠂ ᠲᠤᠬᠠᠢ ᠶᠢᠨ ᠬᠥᠮᠥᠨ ᠥᠪᠡᠷ ᠤᠨ ᠪᠡᠶ᠎ᠡ ᠶᠢᠨ ᠦᠨᠡᠮᠯᠡᠯ ᠢᠶᠠᠨ ᠬᠡᠷᠡᠭᠯᠡᠵᠦ ᠠᠷᠠᠳ ᠤᠨ ᠰᠢᠭᠦᠬᠦ ᠬᠤᠷᠢᠶᠠᠨ ᠳᠤ ᠬᠡᠷᠡᠭ ᠳᠠᠩᠰᠠᠯᠠᠬᠤ ᠭᠤᠶᠤᠴᠢᠯᠠᠯ ᠢᠶᠠᠨ ᠳᠡᠪᠰᠢᠭᠦᠯᠦᠨ᠂ ᠵᠠᠭᠠᠯᠳᠤᠯᠭ᠎ᠠ ᠶᠢᠨ ᠮᠠᠲ᠋ᠧᠷᠢᠶᠠᠯ ᠢᠶᠠᠨ ᠠᠴᠢᠵᠤ ᠪᠣᠯᠣᠨ᠎ᠠ᠂ ᠥᠭᠡᠷ᠎ᠡ ᠪᠠᠰᠠ ᠬᠡᠷᠡᠭ ᠤᠨ ᠪᠠᠶᠢᠳᠠᠯ ᠢ ᠡᠷᠢᠵᠦ ᠯᠠᠪᠯᠠᠬᠤ᠂ ᠴᠣᠪᠣᠷᠠᠯ ᠤᠨ ᠴᠢᠨᠠᠷᠲᠠᠢ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠠᠪᠬᠤ᠂ ᠬᠠᠤᠯᠢ ᠴᠠᠭᠠᠵᠠ ᠶᠢᠨ ᠯᠠᠪᠯᠠᠯᠭ᠎ᠠ ᠬᠢᠬᠦ᠂ ᠰᠦᠯᠵᠢᠶᠡᠨ ᠳᠡᠭᠡᠷ᠎ᠡ ᠡᠶᠡᠳᠡᠭᠦᠯᠬᠦ ᠭᠤᠶᠤᠴᠢᠯᠠᠭ᠎ᠠ ᠬᠢᠬᠦ ᠵᠡᠷᠭᠡ ᠴᠢᠳᠠᠪᠤᠷᠢ ᠲᠠᠢ ᠪᠠᠶᠢᠵᠤ᠂ ᠵᠠᠭᠠᠯᠳᠤᠯᠭ᠎ᠠ ᠶᠢᠨ ︽ᠨᠢᠭᠡ ᠥᠷᠲᠡᠭᠡ ᠮᠠᠶ᠋ᠢᠭ᠂ ᠴᠠᠭ ᠲᠤᠬᠠᠢ ᠳᠤᠨᠢ᠂ ᠥᠪᠡᠷᠲᠡᠭᠡᠨ ᠭᠦᠢᠴᠡᠳᠬᠡᠬᠦ︾ ᠶᠢ ᠪᠡᠶᠡᠯᠡᠭᠦᠯᠵᠦ᠂ ᠵᠠᠭᠠᠯᠳᠤᠯᠭ᠎ᠠ ᠶᠢᠨ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号