︵ᠰᠤᠷᠪᠤᠯᠵᠢᠯᠠᠭᠴᠢ ᠯᠢᠶᠠᠩ ᠵᠢᠩ ᠱᠤ᠋︶ 6 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠨ | ᠬᠥᠮᠥᠰ ᠤᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠣᠯᠣᠨ ᠲᠤᠬᠠᠶᠢᠯᠠᠭᠰᠠᠨ ᠠᠵᠢᠯ ᠤᠨ ᠲᠤᠬᠠᠢ | ᠯᠠᠪᠯᠠᠯᠭ᠎ᠠ ᠶᠢᠨ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ 12393 ᠪᠦᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ | ᠬᠠᠯᠠᠮᠰᠢᠯ ᠤᠲᠠᠰᠤ ᠶᠢ ᠪᠠᠶᠢᠭᠤᠯᠬᠤ ᠠᠵᠢᠯ ᠢ ᠡᠬᠢᠯᠡᠭᠦᠯᠵᠡᠢ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠢᠳᠡᠪᠬᠢᠲᠡᠢ | ᠣᠷᠣᠯᠴᠠᠨ ᠲᠦᠷᠭᠡᠨ ᠠᠬᠢᠭᠤᠯᠵᠤ᠂ ᠣᠷᠴᠢᠮᠬᠠᠨ ᠥᠪᠥᠷ ᠮᠣᠩᠭᠤᠯ ᠤᠨ ᠠᠩᠬᠠᠳᠠᠭᠴᠢ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ 12393 ᠬᠠᠯᠠᠮᠰᠢᠯ ᠤᠲᠠᠰᠤ ᠶᠢ ᠠᠰᠢᠭᠯᠠᠯᠲᠠ ᠳᠤ ᠣᠷᠣᠭᠤᠯᠪᠠ᠃ | ᠣᠶᠢᠯᠠᠭᠠᠭᠰᠠᠨ ᠢᠶᠠᠷ᠂ ᠲᠤᠰ ᠬᠠᠯᠠᠮᠰᠢᠯ ᠤᠲᠠᠰᠤ ᠨᠢ ᠲᠤᠰᠬᠠᠶᠢᠯᠠᠨ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡ ᠬᠠᠩᠭᠠᠵᠤ᠂ ᠡᠭᠡᠯ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠲᠤᠬᠠᠢ ᠠᠰᠠᠭᠤᠳᠠᠯ ᠢ ᠰᠢᠢᠳᠪᠦᠷᠢᠯᠡᠬᠦ | ᠬᠠᠯᠠᠮᠰᠢᠯ ᠤᠲᠠᠰᠤ ᠪᠣᠯᠣᠨ᠎ᠠ᠂ ᠲᠡᠷᠡ ᠨᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠣᠯᠠᠨ | ᠲᠦᠮᠡᠨ ᠢ ᠬᠤᠯᠪᠣᠭᠳᠠᠨ ︽ᠰᠡᠳᠬᠢᠯ ᠤᠨ ᠬᠥᠭᠦᠷᠭᠡ︾ ᠪᠣᠯᠵᠠᠢ᠃ ᠲᠥᠷᠥ ᠶᠢᠨ ᠶᠠᠪᠤᠳᠠᠯ ᠤᠨ ᠬᠤᠷᠢᠶᠠᠨ ᠤ ︽ | ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ | ᠡᠮᠴᠢᠯᠡᠭᠡᠨ ᠤ ᠪᠠᠲᠤᠯᠠᠭ᠎ᠠ ᠶᠢᠨ 12393 ᠬᠠᠯᠠᠮᠰᠢᠯ ᠤᠲᠠᠰᠤ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | 12345 ᠬᠠᠯᠠᠮᠰᠢᠯ ᠤᠲᠠᠰᠤ ᠲᠠᠢ ᠵᠡᠷᠭᠡ ᠪᠠᠷ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠬᠥᠮᠥᠨ ︽ | 12393︾ ᠪᠤᠶᠤ ︽12345︾ ᠬᠠᠯᠠᠮᠰᠢᠯ ᠤᠲᠠᠰᠤ ᠶᠢ ᠵᠠᠯᠭᠠᠵᠤ ᠠᠰᠠᠭᠤᠨ ᠯᠠᠪᠯᠠᠬᠤ ᠦᠢᠯᠡᠴᠢᠯᠡᠭᠡ ᠶᠢ | ᠬᠦᠷᠲᠡᠵᠦ ᠪᠣᠯᠣᠨ᠎ᠠ᠃ ᠳ᠋ᠢᠶᠠᠩᠬᠤᠸᠠ ᠶᠢᠨ ᠳᠠᠷᠤᠪᠴᠢ ᠶᠢᠨ ᠠᠪᠢᠶ᠎ᠠ ᠶᠢᠨ ᠰᠠᠨᠠᠭᠤᠯᠤᠮᠵᠢ ᠪᠠᠷ᠂ ᠬᠥᠬᠡᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠬᠡᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ᠂ ᠡᠯ᠎ᠡ ᠱᠠᠲᠤᠨ ᠤ | ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ | ᠵᠠᠩᠭᠢ ᠵᠡᠷᠭᠡ ᠶᠢ ᠠᠰᠠᠭᠤᠨ ᠯᠠᠪᠯᠠᠵᠤ ᠪᠣᠯᠣᠨ᠎ᠠ᠃ ᠲᠣᠰ ᠬᠠᠯᠠᠭᠤᠨ ᠤᠲᠠᠰᠤ ᠨᠢ ᠪᠠᠰᠠ ᠬᠤᠪᠢ ᠬᠥᠮᠦᠨ ᠤ | ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ | ᠪᠠᠶᠢᠴᠠᠭᠠᠨ ᠯᠠᠪᠯᠠᠵᠤ ᠪᠣᠯᠤᠨ᠎ᠠ᠃ ᠡᠭᠦᠨ ᠤ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ᠂ ᠬᠡᠷᠡᠭ ᠶᠠᠪᠤᠳᠠᠯ ᠭᠦᠢᠴᠡᠳᠬᠡᠬᠦ ᠶᠠᠪᠤᠴᠠ᠂ ᠠᠵᠢᠯᠲᠠᠳ ᠲᠤ ᠰᠠᠨᠠᠯ ᠰᠠᠨᠠᠭᠤᠯᠭ᠎ᠠ ᠳᠡᠪᠰᠢᠭᠦᠯᠵᠦ | ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠠᠯᠠᠮᠰᠢᠯ | ᠤᠲᠠᠰᠤ ᠨᠢ ︽ᠨᠢᠭᠡ ᠳ᠋ᠤᠭᠠᠷ ᠢᠶᠠᠷ ᠬᠠᠨᠳᠤᠵᠤ᠂ ᠲᠥᠪᠯᠡᠷᠡᠭᠦᠯᠦᠨ ᠬᠦᠯᠢᠶᠡᠨ ᠠᠪᠴᠤ᠂ ᠲᠥᠷᠥᠯ ᠬᠤᠪᠢᠶᠠᠨ | ᠰᠢᠢᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠲᠠᠯ᠎ᠠ ᠶᠢᠨ ᠬᠢᠨ ᠬᠤᠯᠪᠣᠭᠠᠯᠠᠨ | ᠬᠥᠳᠡᠯᠦᠯᠴᠡᠵᠦ᠂ ᠴᠠᠭ ᠲᠣᠭᠲᠠᠭᠠᠨ ᠭᠦᠢᠴᠡᠳᠬᠡᠬᠦ︾ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠬᠠᠯᠠᠮᠰᠢᠯ | ᠤᠲᠠᠰᠤ ᠨᠢ ᠬᠤᠵᠢᠮ ᠳᠠᠭᠠᠨ 7×24 ᠴᠠᠭ ᠤᠨ ᠦᠢᠯᠡᠴᠢᠯᠡᠭᠡ ᠬᠠᠩᠭᠠᠨ᠂ ᠠᠵᠢᠯ ᠤᠨ ᠪᠤᠰᠤ ᠴᠠᠭ ᠲᠤ | ᠣᠶᠣᠨ ᠢᠶᠠᠷ ᠬᠠᠷᠢᠭᠤᠯᠲᠠ ᠥᠭᠴᠦ᠂ ᠦᠢᠯᠡᠴᠢᠯᠡᠭᠡ ᠶᠢ ᠲᠠᠰᠤᠯᠳᠠᠭᠤᠯᠬᠤ ᠦᠭᠡᠢ ᠪᠣᠯᠭᠠᠨ᠎ᠠ᠃ |