ᠲᠣᠭᠲᠠᠭᠠᠭᠰᠠᠨ ᠠᠬᠤᠢ ᠪᠠᠶᠢᠳᠠᠯ ᠦᠨᠳᠦᠰᠦ ᠪᠠᠷᠢᠮᠲᠠ᠄ | 2014 ᠣᠨ ᠤ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠷᠥ ᠶᠢᠨ | ᠶᠠᠪᠤᠳᠠᠯ ᠤᠨ ᠬᠤᠷᠢᠶᠠᠨ ᠠᠴᠠ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ | ᠲᠤᠷᠰᠢᠯᠲᠠ ᠶᠢᠨ ᠮᠤᠵᠢ ᠣᠷᠣᠨ ᠢᠶᠠᠷ ᠲᠣᠭᠲᠠᠭᠠᠭᠳᠠᠪᠠ᠃ ᠵᠢᠷᠭᠤᠭᠠᠨ ᠵᠢᠯ ᠤᠨ ᠲᠤᠷᠰᠢ᠂ ᠮᠠᠨ ᠤ ᠬᠤᠲᠠ | ᠡᠭᠦᠨ ᠢᠶᠠᠷ ᠠᠵᠠ ᠲᠣᠬᠢᠶᠠᠯ ᠪᠣᠯᠭᠠᠨ᠂ ᠲᠠᠯᠠᠪᠤᠷ ᠭᠠᠵᠠᠷ ᠢ ᠪᠦᠲᠦᠭᠡᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ | ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠰᠤᠷᠭᠠᠭᠴᠢ ᠬᠢᠨᠠᠭᠴᠢ ᠶᠢ ᠪᠣᠯᠪᠠᠰᠤᠷᠠᠭᠤᠯᠬᠤ ᠪᠠ | ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠥᠪᠡᠷᠲᠡᠭᠡᠨ ᠵᠠᠰᠠᠬᠤ ᠣᠷᠣᠨ ᠤ ᠡᠮᠦᠨ᠎ᠡ | ᠡᠩᠨᠡᠭᠡᠨ ᠳᠤ ᠶᠠᠪᠤᠪᠠ᠃ | 2017 ᠣᠨ ᠤ 7 ᠳ᠋ᠤᠭᠠᠷ ᠰᠠᠷ᠎ᠠ ᠳᠤ᠂ ᠮᠠᠨ ᠤ ᠬᠤᠲᠠ ︽︿ᠠᠷᠪᠠᠨ ᠭᠤᠷᠪᠠᠳᠤᠭᠠᠷ ᠲᠠᠪᠤᠨ ᠵᠢᠯ﹀ ᠤᠨ | ᠬᠤᠭᠤᠴᠠᠭ᠎ᠠ ᠵᠢᠴᠢ ᠳᠤᠮᠳᠠ ᠣᠷᠳᠣ ᠬᠤᠭᠤᠴᠠᠭᠠᠨ ᠤ ᠬᠥᠯ ᠪᠥᠮᠪᠦᠭᠡ ᠶᠢᠨ ᠬᠥᠭᠵᠢᠯᠲᠡ ᠶᠢᠨ ᠲᠥᠯᠥᠪᠵᠢᠭᠦᠯᠭᠡ︾ | ᠶᠢ ᠨᠡᠶᠢᠲᠡᠯᠡᠪᠡ᠃ ᠨᠢᠳᠤᠨᠤᠨ ᠠᠴᠠ ᠨᠠᠭᠠᠰᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ | ᠰᠤᠷᠭᠠᠨ ᠬᠥᠮᠦᠵᠢᠯ ᠤᠨ ᠶᠠᠮᠤᠨ ᠤᠷᠢᠳ ᠬᠤᠵᠢᠳ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ | ᠭᠦᠨᠵᠡᠭᠡᠶᠢᠷᠡᠭᠦᠯᠦᠨ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠪᠠ ︽ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ | ᠰᠠᠶᠢᠵᠢᠷᠠᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠬᠦ᠂ ᠬᠥᠯ ᠪᠥᠮᠪᠦᠭᠡ ᠶᠢᠨ ᠬᠥᠳᠡᠯᠭᠡᠭᠡᠨ ᠤ ᠥᠭᠡᠷᠡᠴᠢᠯᠡᠯᠲᠡ ᠬᠥᠭᠵᠢᠯᠲᠡ ᠶᠢ | ᠳᠥᠯᠭᠢᠨ ᠠᠬᠢᠭᠤᠯᠬᠤ ᠲᠤᠬᠠᠶ ᠮᠠᠰᠢ ᠣᠯᠠᠨ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠢ᠃ 2020 ᠣᠨ ᠤ | ᠵᠢᠯ ᠤᠨ ᠡᠴᠦᠰ ᠲᠤ᠂ ︽ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠦᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2020 ﹈ 55 ᠳ᠋ᠤᠭᠠᠷ ᠲᠣᠭᠠᠲᠤ︶ ᠢ ᠵᠢᠩᠬᠢᠨᠢ ᠪᠠᠷ ᠨᠡᠶᠢᠲᠡᠯᠡᠪᠡ᠃ ᠬᠥᠯ ᠪᠥᠮᠪᠦᠭᠡ ᠶᠢᠨ | ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠦᠨᠳᠦᠰᠦᠯᠡᠨ᠂ ᠮᠠᠨ ᠤ ᠬᠤᠲᠠ ᠪᠡᠶ᠎ᠡ ᠶᠢᠨ ᠲᠠᠮᠢᠷ ᠪᠠ | ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠠᠪᠤᠪᠠ᠃ ᠮᠠᠨ ᠤ ᠬᠤᠲᠠ ᠶᠢᠨ ᠪᠣᠳᠠᠲᠠᠶ | ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠦᠷᠦᠭᠦᠯᠡᠨ ︽ | ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ | ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠬᠦᠷᠭᠡᠨ ᠬᠢᠨᠠᠭᠤᠯᠬᠤ | ᠨᠣᠤᠷᠠᠭ︶ ᠢ ᠲᠤᠭᠤᠷᠪᠢᠪᠠ᠃ | ᠡᠭᠦᠷᠭᠡ ᠬᠠᠷᠠᠯᠲᠠ | ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ | ᠲᠦᠯᠬᠢᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠤ ᠦᠰᠦᠨ ᠪᠣᠶᠢᠵᠢᠬᠤ | ᠵᠠᠮ ᠢ ᠰᠢᠯᠤᠭᠤᠳᠬᠠᠵᠤ᠂ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠵᠣᠬᠢᠶᠠᠨ ᠪᠠᠶᠢᠭᠤᠯᠤᠨ | ᠬᠠᠮᠢᠶᠠᠷᠬᠤ᠂ ᠥᠷᠢᠰᠦᠯᠳᠦᠭᠡᠨ ᠤ ᠰᠢᠰᠲ᠋ᠧᠮᠵᠢ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠵᠠᠯᠠᠭᠤ ᠪᠠᠭᠠᠴᠤᠳ ᠬᠥᠯ ᠪᠥᠮᠪᠦᠭᠡ ᠶᠢᠨ ᠬᠥᠮᠥᠨ ᠠᠮᠠ ᠶᠢ ᠦᠷᠭᠦᠯᠵᠢᠯᠡᠨ | ᠥᠷᠭᠡᠳᠬᠡᠵᠦ᠂ ᠥᠷᠢᠰᠦᠯᠳᠦᠭᠡᠨ ᠤ ᠬᠢᠷᠢ ᠲᠦᠪᠰᠢᠨ ᠢ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠡᠮᠦᠨ᠎ᠡ | ᠡᠩᠨᠡᠭᠡᠨ ᠳᠤ ᠪᠠᠶᠢᠷᠢᠯᠠᠭᠤᠯᠤᠨ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠨᠡᠶᠢᠴᠡᠭᠰᠡᠨ ᠬᠥᠯ ᠪᠥᠮᠪᠦᠭᠡ ᠶᠢᠨ | ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ | ᠭᠤᠣᠯ ᠠᠭᠤᠯᠭ᠎ᠠ᠄ | ᠨᠢᠭᠡ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ | ᠦᠷᠭᠦᠯᠵᠢᠯᠡᠨ ᠰᠠᠶᠢᠨ ᠠᠳᠬᠤᠵᠤ᠂ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ | ᠦᠷᠭᠦᠯᠵᠢᠯᠡᠨ ᠰᠢᠯᠢᠳᠡᠭᠵᠢᠭᠦᠯᠵᠦ᠂ ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠬᠠᠮᠲᠤ ᠪᠠᠷ | ᠬᠠᠮᠢᠶᠠᠷᠬᠤ ᠲᠣᠭᠲᠠᠴᠠ ᠶᠢ ᠭᠦᠨᠵᠡᠭᠡᠶᠢᠷᠡᠭᠦᠯᠵᠦ᠂ ᠡᠮᠡᠭᠲᠡᠢ ᠶᠢᠨ ᠬᠥᠯ ᠪᠥᠮᠪᠦᠭᠡ ᠶᠢᠨ ᠬᠥᠭᠵᠢᠯᠲᠡ ᠶᠢ ᠶᠡᠬᠡᠪᠡᠷ | ᠳᠡᠮᠵᠢᠨ᠂ ᠬᠥᠯ ᠪᠥᠮᠪᠦᠭᠡ ᠶᠢᠨ ᠠᠪᠢᠶᠠᠰ ᠲᠠᠢ ᠰᠤᠷᠤᠭᠴᠢ ᠶᠢᠨ ᠦᠰᠦᠨ ᠪᠣᠶᠢᠵᠢᠬᠤ ᠵᠠᠮ ᠢ ᠰᠢᠯᠤᠭᠤᠳᠬᠠᠵᠤ᠂ | ᠦᠨᠳᠦᠰᠦᠨ ᠱᠠᠲᠤᠨ ᠤ ᠰᠤᠷᠭᠠᠭᠴᠢ ᠬᠢᠨᠠᠭᠴᠢ ᠶᠢᠨ ᠬᠥᠯᠥᠰᠦ ᠬᠠᠷᠠᠮᠵᠢ ᠶᠢ ᠳᠡᠭᠡᠭᠰᠢᠯᠡᠭᠦᠯᠦᠨ ᠰᠠᠶᠢᠵᠢᠷᠠᠭᠤᠯᠤᠨ᠎ᠠ᠃ | | ᠬᠤᠶᠠᠷ ᠨᠡᠶᠢᠭᠡᠮ ᠤᠨ ᠬᠥᠯ ᠪᠥᠮᠪᠦᠭᠡ ᠶᠢᠨ ᠥᠷᠨᠢᠯ ᠬᠥᠭᠵᠢᠯ ᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠥᠯ | ᠪᠥᠮᠪᠦᠭᠡ ᠶᠢᠨ ᠲᠠᠯᠠᠪᠠᠢ ᠶᠢ ᠪᠦᠬᠦ ᠲᠠᠯ᠎ᠠ ᠪᠠᠷ ᠨᠡᠭᠡᠭᠡᠵᠦ᠂ ᠨᠡᠶᠢᠭᠡᠮ ᠤᠨ ᠬᠥᠯ ᠪᠥᠮᠪᠦᠭᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠲᠥᠷᠥᠯ | ᠲᠡᠮᠳᠡᠭᠲᠦ ᠤᠷᠤᠯᠳᠤᠭᠠᠨ ᠢ ᠡᠭᠦᠳᠦᠨ᠎ᠡ᠃ | ᠭᠤᠷᠪᠠ ᠠᠵᠢᠯ ᠲᠥᠷᠥᠯ ᠤᠨ ᠬᠥᠯ ᠪᠥᠮᠪᠦᠭᠡ ᠶᠢᠨ ᠬᠥᠭᠵᠢᠯᠲᠡ ᠶᠢ ᠠᠬᠢᠭᠤᠯᠤᠨ᠎ᠠ᠃ | ᠳᠥᠷᠪᠡ ᠬᠥᠯ ᠪᠥᠮᠪᠦᠭᠡ ᠶᠢᠨ ᠲᠤᠬᠠᠶᠢᠯᠠᠭᠰᠠᠨ ᠠᠵᠢᠯ ᠡᠷᠬᠢᠯᠡᠬᠦ ᠬᠥᠮᠥᠨ ᠤ ᠡᠩᠨᠡᠭᠡ ᠶᠢ ᠴᠢᠩᠭᠠᠳᠬᠠᠨ᠎ᠠ᠃ | ᠲᠠᠪᠤ ᠬᠥᠯ ᠪᠥᠮᠪᠦᠭᠡ ᠶᠢᠨ ᠰᠣᠶᠣᠯ ᠢ ᠬᠥᠮᠥᠵᠢᠭᠦᠯᠵᠦ᠂ ᠬᠥᠯ ᠪᠥᠮᠪᠦᠭᠡ ᠶᠢᠨ ᠠᠵᠤ ᠦᠢᠯᠡᠰ ᠢ | ᠬᠦᠴᠦᠷᠬᠡᠭᠵᠢᠭᠦᠯᠦᠨ᠎ᠡ᠃ | ᠵᠢᠷᠭᠤᠭ᠎ᠠ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠪᠡᠯᠡ ᠮᠥᠩᠭᠦ ᠶᠢᠨ | ᠣᠷᠣᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠵᠤ | ᠦᠨᠡᠯᠡᠨ ᠰᠢᠯᠭᠠᠬᠤ ᠪᠠᠨ ᠴᠢᠩᠭᠠᠳᠬᠠᠨ᠎ᠠ᠃ | |