ᠨᠢᠭᠡ᠂ ︽ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠶᠢᠨ ᠠᠴᠢ ᠬᠤᠯᠪᠣᠭᠳᠠᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ︽ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ | ᠲᠥᠪ ᠲᠠᠷᠬᠠᠭᠠᠭᠰᠠᠨ ﹇2019﹈ 48 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ | ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯᠯᠠᠭᠠᠨ ᠤ ᠲᠥᠯᠥᠪᠯᠡᠭᠡ ︵2020 | — 2022 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 21 | ᠳ᠋ᠤᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠪᠦᠲᠦᠮᠵᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠨ | ᠪᠤᠶᠢᠵᠢᠭᠤᠯᠵᠤ᠂ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠭᠠᠳᠠᠭᠠᠳᠤ ᠠᠷᠠᠯᠵᠢᠶᠠᠨ ᠤ ᠣᠷᠴᠢᠨ | ᠲᠣᠭᠤᠷᠢᠨ ᠢ ᠢᠳᠡᠪᠬᠢᠲᠡᠶ ᠠᠷᠭᠠᠴᠠᠭᠠᠵᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ ᠶᠢᠨ ᠲᠦᠯᠦᠭᠡ᠂ ᠮᠠᠨ ᠤ ᠬᠤᠲᠠ ︽ᠬᠥᠬᠡᠬᠤᠲᠠ ᠶᠢᠨ ᠠᠷᠠᠯᠵᠢᠶᠠᠨ ᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2021 — 2023 ᠣᠨ︶︾ | ᠶᠢ ᠲᠣᠭᠲᠠᠭᠠᠨ ᠳᠠᠷᠤᠮᠠᠯᠯᠠᠨ ᠲᠠᠷᠬᠠᠭᠠᠭᠰᠠᠨ ᠨᠢ ᠮᠠᠨ ᠤ ᠬᠤᠲᠠ ᠶᠢᠨ ᠠᠷᠠᠯᠵᠢᠶᠠᠨ ᠤ ᠪᠦᠲᠦᠴᠡ ᠶᠢ | ᠰᠢᠯᠢᠳᠡᠭᠵᠢᠭᠦᠯᠦᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ | ᠠᠰᠢᠭᠲᠠᠶ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ | ᠳᠣᠲᠣᠭᠠᠳᠤ ᠶᠢᠨ ᠪᠠ ᠣᠯᠠᠨ ᠤᠯᠤᠰ ᠤᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠨᠠᠩ ᠰᠠᠶᠢᠨ ᠠᠭᠤᠰᠤᠯᠴᠠᠬᠤ ᠳᠤ ᠠᠰᠢᠭᠲᠠᠶ ᠶᠤᠮ᠃ | ᠬᠤᠶᠠᠷ᠂ ︽ᠠᠵᠢᠯᠯᠠᠭᠠᠨ ᠤ ᠲᠥᠯᠥᠪᠯᠡᠭᠡ︾ ᠶᠢᠨ ᠭᠤᠣᠯ ᠠᠭᠤᠯᠭ᠎ᠠ | ᠭᠤᠣᠯ ᠠᠭᠤᠯᠭ᠎ᠠ ᠳᠤ ᠶᠡᠷᠦᠩᠬᠡᠶ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠭᠲᠠᠨ᠎ᠠ᠃ | ︵ᠨᠢᠭᠡ︶ ᠶᠡᠷᠦᠩᠬᠡᠶ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠬᠤ ᠶᠢ ᠲᠣᠳᠣᠷᠬᠠᠶᠢᠯᠠᠪᠠ᠃ 2023 | ᠣᠨ ᠪᠣᠯᠬᠤ ᠳᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠢ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 8% ᠪᠠᠷ ᠨᠡᠮᠡᠭᠳᠡᠭᠦᠯᠵᠦ᠂ ᠶᠡᠷᠦᠩᠬᠡᠢ ᠥᠷᠲᠡᠭ ᠢ | 185 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠠᠷᠠᠯᠵᠢᠶᠠᠨ ᠤ ᠲᠦᠰᠢᠭᠯᠡᠨ ᠣᠷᠣᠰᠢᠬᠤ ᠬᠡᠮᠵᠢᠶ᠎ᠡ ᠶᠢ | 6% ᠣᠷᠴᠢᠮ ᠳᠤ ᠬᠦᠷᠭᠡᠨ᠎ᠡ ᠭᠡᠵᠦ ᠳᠤᠷᠠᠳᠪᠠ︔ ︽ᠨᠢᠭᠡ ᠪᠦᠰᠡ ᠨᠢᠭᠡ ᠵᠠᠮ︾ ᠳᠠᠭᠠᠤ ᠶᠢᠨ ᠠᠷᠠᠯᠵᠢᠶᠠᠨ ᠤ | ᠤᠯᠤᠰ ᠪᠠ ᠭᠠᠵᠠᠷ ᠣᠷᠣᠨ ᠢ 110 ᠪᠣᠯᠭᠠᠵᠤ᠂ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ 70 ᠳ᠋ᠦᠩᠰᠢᠭᠤᠷ | ᠲᠥᠭᠦᠷᠢᠭ ᠲᠤ ᠬᠦᠷᠭᠡᠨ᠎ᠡ︔ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠶ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠨ᠎ᠠ︔ ᠪᠥᠬᠦ ᠬᠤᠲᠠ ᠶᠢᠨ ᠭᠠᠳᠠᠭᠠᠳᠤ | ᠠᠷᠠᠯᠵᠢᠶᠠᠨ ᠤ ᠪᠣᠳᠠᠲᠤ ᠪᠦᠲᠦᠮᠵᠢ ᠲᠠᠢ ᠠᠵᠤ ᠠᠬᠤᠶᠢᠯᠠᠯ 350 ᠶᠢ ᠳᠠᠪᠠᠵᠤ᠂ ᠡᠭᠦᠨ ᠤ ᠳᠣᠲᠣᠷ᠎ᠠ | ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 20᠂ | ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 15 | ᠪᠣᠯᠤᠨ᠎ᠠ᠃ | ︵ᠬᠤᠶᠠᠷ︶ ᠭᠤᠤᠯᠳᠠᠯᠭ᠎ᠠ ᠲᠠᠢ ᠡᠭᠦᠷᠭᠡ᠃ ᠨᠢᠭᠡ ᠳᠤ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ | ᠪᠡᠶᠡᠴᠢ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠄ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ | ᠠᠵᠤ ᠦᠢᠯᠡᠰ ᠤᠨ ᠰᠠᠭᠤᠷᠢ ᠶᠢ ᠪᠠᠬᠢᠵᠢᠬᠦᠯᠵᠦ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠪᠡᠶᠡᠴᠢ | ᠴᠣᠭᠴᠠ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠬᠤ ᠪᠠ ᠭᠠᠳᠠᠭᠠᠳᠤ ᠠᠷᠠᠯᠵᠢᠶᠠᠨ ᠤ ᠭᠦᠢᠯᠭᠡᠭᠡᠨ ᠤ | ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠬᠤ ᠶᠢ ᠪᠠᠭᠲᠠᠭᠠᠨ᠎ᠠ᠃ 2023 ᠣᠨ ᠤ ᠰᠡᠭᠦᠯᠴᠢ | ᠪᠣᠯᠬᠤ ᠳᠤ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠮᠢᠩᠭᠠᠨ | ᠲᠦᠮᠡᠨ ᠳ᠋ᠣᠯᠯᠠᠷ ᠢ ᠳᠠᠪᠠᠭᠰᠠᠨ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠮᠠᠶ᠋ᠢᠭ ᠤᠨ ᠠᠵᠤ ᠠᠬᠤᠶᠢᠯᠠᠯ ᠢ | 15 ᠠᠴᠠ ᠳᠡᠭᠡᠭᠰᠢ ᠳᠤ ᠬᠦᠷᠭᠡᠨ᠎ᠡ ᠭᠡᠵᠦ ᠳᠤᠷᠠᠳᠪᠠ᠃ ᠬᠤᠶᠠᠷ ᠲᠤ ᠭᠠᠳᠠᠭᠠᠳᠤ ᠳᠤ ᠭᠠᠷᠭᠠᠬᠤ ᠲᠠᠸᠠᠷ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠄ ᠡᠭᠦᠨ ᠳᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠴᠢᠩᠭᠠᠳᠬᠠᠬᠤ ᠪᠠ ᠤᠯᠤᠰ ᠤᠨ | ᠲᠠᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠭᠲᠠᠭᠠᠨ᠎ᠠ᠃ ᠭᠤᠷᠪᠠ ᠳᠤ ᠭᠠᠳᠠᠭᠠᠳᠤ ᠠᠷᠠᠯᠵᠢᠶᠠᠨ ᠤ | ᠲᠡᠩᠴᠡᠭᠦᠷᠢᠲᠡᠶ ᠪᠥᠭᠡᠳ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠄ ᠡᠭᠦᠨ ᠳᠤ ᠲᠡᠷᠢᠭᠦᠨ ᠤ ᠮᠡᠷᠭᠡᠵᠢᠯ ᠤᠨ | ᠲᠥᠬᠦᠭᠡᠷᠦᠮᠵᠢ᠂ ᠪᠥᠭᠡᠮ ᠲᠠᠸᠠᠷ ᠵᠢᠴᠢ ᠬᠡᠷᠡᠭᠯᠡᠭᠡᠨ ᠤ ᠵᠦᠢᠯ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ᠂ | ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠢᠳᠡᠪᠬᠢᠲᠡᠶ ᠵᠣᠬᠢᠶᠠᠨ ᠪᠠᠶᠢᠭᠤᠯᠤᠨ | ᠣᠷᠣᠯᠴᠠᠬᠤ᠂ ᠳᠡᠭᠡᠳᠦ ᠰᠢᠨ᠎ᠡ ᠦᠢᠯᠡᠳᠬᠦᠨ ᠤ ᠭᠠᠳᠠᠭᠠᠳᠤ ᠭᠠᠷᠭᠠᠯᠲᠠ ᠶᠢ ᠥᠷᠭᠡᠳᠬᠡᠬᠦ ᠪᠠ ᠦᠢᠯᠡᠴᠢᠯᠡᠭᠡᠨ ᠤ | ᠠᠷᠠᠯᠵᠢᠶᠠᠨ ᠤ ᠬᠥᠭᠵᠢᠯᠲᠡ ᠶᠢᠨ ᠬᠢᠷᠢ ᠲᠥᠪᠰᠢᠨ ᠢ ᠲᠡᠭᠡᠭᠰᠢᠯᠡᠭᠦᠯᠬᠦ ᠪᠠᠭᠲᠠᠨ᠎ᠠ᠃ 2023 ᠣᠨ ᠤ ᠰᠡᠭᠦᠯᠴᠢ | ᠪᠣᠯᠬᠤ ᠳᠤ᠂ ᠪᠥᠬᠦ ᠬᠤᠲᠠ ᠶᠢᠨ ᠳᠡᠭᠡᠳᠦ ᠰᠢᠨ᠎ᠡ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠡᠵᠡᠯᠡᠬᠦ ᠬᠠᠷᠢᠴᠠᠯ ᠢ | 25% ᠠᠴᠠ ᠳᠡᠭᠡᠭᠰᠢ ᠳᠤ ᠬᠦᠷᠭᠡᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠪᠥᠬᠦ ᠬᠤᠲᠠ ᠶᠢᠨ ᠭᠠᠳᠠᠭᠠᠳᠤ | ᠠᠷᠠᠯᠵᠢᠶᠠᠨ ᠤ ᠶᠡᠷᠦᠩᠬᠡᠶ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 10% ᠠᠴᠠ ᠳᠡᠭᠡᠭᠰᠢ ᠳᠤ ᠬᠦᠷᠭᠡᠨ᠎ᠡ ᠭᠡᠵᠦ | ᠲᠤᠷᠠᠳᠪᠠ᠃ ᠲᠦᠷᠪᠡ ᠳᠤ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠡᠷᠴᠢᠮ ᠢ ᠴᠢᠩᠭᠠᠷᠠᠭᠤᠯᠤᠨ᠎ᠠ᠄ | ᠡᠭᠦᠨ ᠳᠤ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠦᠵᠡᠰᠬᠦᠯᠡᠩ ᠳᠤ ᠣᠷᠣᠯᠴᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠤᠯᠠᠨ ᠡᠰᠢᠴᠢᠯᠡᠭᠰᠡᠨ ᠭᠠᠳᠠᠭᠠᠳᠤ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠬᠤ ᠪᠠᠭᠲᠠᠨ᠎ᠠ᠃ | 2023 ᠣᠨ ᠪᠣᠯᠬᠤ ᠳᠤ ︽ᠨᠢᠭᠡ ᠪᠦᠰᠡ ᠨᠢᠭᠡ ᠵᠠᠮ︾ ᠤᠨ ᠭᠤᠣᠯᠳᠠᠯᠭ᠎ᠠ ᠲᠠᠢ ᠤᠯᠤᠰ ᠲᠠᠬᠢ ᠭᠠᠳᠠᠭᠠᠳᠤ | ᠭᠠᠷᠭᠠᠯᠲᠠ ᠶᠢᠨ ᠬᠡᠮᠵᠢᠶ᠎ᠡ ᠶᠢ 2020 ᠣᠨ ᠤ ᠬᠢ ᠠᠴᠠ 15% ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ | ᠳᠤᠷᠠᠳᠴᠠᠢ᠃ ᠲᠠᠪᠤ ᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠬᠥᠭᠵᠢᠭᠦᠯᠦᠨ᠎ᠡ᠄ | ᠡᠭᠦᠨ ᠳᠤ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ | ᠳᠥᠯᠭᠢᠨ ᠠᠬᠢᠭᠤᠯᠬᠤ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠣᠯᠠᠨ ᠤᠯᠤᠰ ᠤᠨ | ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠥᠯᠭᠢᠨ ᠠᠬᠢᠭᠤᠯᠬᠤ ᠪᠠ ᠠᠷᠠᠯᠵᠢᠶ᠎ᠠ | ᠬᠢᠭᠡᠳ ᠪᠠᠯᠠ ᠣᠷᠣᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠬᠤ ᠵᠡᠷᠭᠡ ᠪᠠᠭᠲᠠᠨ᠎ᠠ᠃ | ᠵᠢᠷᠭᠤᠭ᠎ᠠ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠄ ᠡᠭᠦᠨ ᠳᠤ | ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠭᠠᠳᠠᠭᠠᠳᠤ | ᠭᠠᠷᠭᠠᠯᠲᠠ ᠶᠢᠨ ᠭᠠᠶᠢᠯᠢ ᠶᠢ ᠪᠤᠴᠠᠭᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠠᠷᠠᠯᠵᠢᠶᠠᠨ ᠤ ᠬᠦᠷᠢᠶᠡᠨ ᠳᠠᠬᠢ | ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠬᠤ ᠪᠠᠭᠲᠠᠨ᠎ᠠ᠃ | ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠵᠠᠭᠤᠴᠢ ᠵᠣᠬᠢᠶᠠᠨ | ᠪᠠᠶᠢᠭᠤᠯᠤᠯᠲᠠ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ | ︽ᠠᠵᠢᠯᠯᠠᠭᠠᠨ ᠤ ᠲᠥᠯᠥᠪᠯᠡᠭᠡ︾ ᠳᠤ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠪᠠ | ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠵᠦ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠲᠠ ᠶᠢᠨ ᠮᠥᠩᠭᠦᠨ ᠬᠦᠢᠯᠭᠡᠭᠡᠨ ᠤ | ᠠᠵᠢᠯ ᠤᠨ ᠠᠯᠪᠠᠨ ᠬᠡᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠢᠰᠬᠡᠯ ᠤᠨ ᠪᠠᠭᠤᠳᠠᠯ ᠤᠨ ᠪᠣᠭᠤᠮᠲᠠ᠂ | ᠰᠠᠶᠢᠬᠠᠨ ᠪᠣᠭᠤᠮᠲᠠ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠠᠷᠠᠯᠵᠢᠶ᠎ᠠ ᠶᠢ ᠠᠬᠢᠭᠤᠯᠬᠤ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠡᠷᠭᠡ 30 ᠰᠠᠯᠠᠭ᠎ᠠ ᠮᠥᠴᠢᠷ ᠪᠠ ᠨᠢᠭᠡᠴᠡ ᠳᠤ ᠬᠤᠯᠪᠤᠭᠲᠠᠪᠠ᠃ | ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ | ᠪᠣᠳᠠᠲᠠᠶ ᠠᠭᠤᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ᠂ ᠬᠠᠮᠵᠢᠯᠴᠠᠭ᠎ᠠ ᠪᠠᠨ | ᠴᠢᠩᠭᠠᠳᠬᠠᠵᠤ᠂ ᠨᠢᠭᠲᠠ ᠬᠠᠮᠵᠢᠯᠴᠠᠨ᠂ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ |