ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ︽ᠬᠥᠬᠡᠬᠤᠲᠠ ᠶᠢᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ | ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ | ᠲᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠲᠥᠷᠥᠯ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ | ᠰᠠᠭᠤᠷᠢ ᠪᠠᠷᠢᠮᠵᠢᠶ᠎ᠠ ᠶᠢ ᠲᠣᠳᠣᠷᠬᠠᠶᠢᠯᠠᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ | ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠮᠥᠨ᠂ ᠨᠠᠷᠢᠨ ᠣᠨᠣᠪᠴᠢᠲᠠᠶ ᠬᠠᠤᠯᠢ ᠬᠡᠷᠡᠭᠵᠢᠭᠦᠯᠬᠦ᠂ | ᠨᠠᠷᠢᠯᠢᠭ ᠦᠢᠯᠡᠴᠢᠯᠡᠬᠦ᠂ ᠨᠠᠷᠢᠯᠢᠭ ᠣᠨᠣᠴᠠᠲᠠᠶ ᠪᠠᠷ ᠬᠢᠨᠠᠨ ᠬᠠᠮᠢᠶᠠᠷᠬᠤ᠂ ᠴᠢᠩ ᠦᠨᠡᠨᠴᠢ ᠪᠠᠷ ᠬᠠᠮᠲᠤᠪᠠᠷ | ᠵᠠᠰᠠᠬᠤ ᠶᠢ ᠳᠥᠯᠭᠢᠨ ᠠᠬᠢᠭᠤᠯᠬᠤ ᠶᠢᠨ ᠪᠣᠳᠠᠲᠠᠶ ᠢᠯᠡᠷᠡᠯ ᠮᠥᠨ᠃ ᠡᠳᠦᠭᠡ ᠲᠣᠰ ᠨᠠᠷᠢᠨ ᠲᠦᠷᠢᠮ ᠤᠨ ᠪᠣᠳᠠᠲᠠᠶ | ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠬᠠᠮᠢᠶ᠎ᠠ ᠪᠦᠬᠦᠢ ᠠᠬᠤᠶ ᠪᠠᠶᠢᠳᠠᠯ | ᠣᠳᠣᠬᠠᠨ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠪᠠ ᠬᠢᠷᠢ ᠬᠡᠮᠵᠢᠶ᠎ᠡ ᠲᠠᠰᠤᠷᠠᠯᠲᠠ ᠥᠬᠡᠶ ᠴᠢᠩᠭᠠᠷᠠᠵᠤ | ᠪᠠᠶᠢᠭ᠎ᠠ ᠪᠣᠯᠪᠠᠴᠤ ᠲᠠᠰᠤᠯᠤᠯᠲᠠ ᠶᠢᠨ ᠣᠷᠣᠨ ᠵᠠᠶ ᠬᠡᠲᠦ ᠶᠡᠭᠡ᠂ ᠬᠡᠮ ᠬᠡᠮᠵᠢᠶ᠎ᠡ ᠠᠳᠠᠯᠢ ᠥᠬᠡᠶ ᠪᠠᠶᠢᠬᠤ ᠵᠡᠷᠭᠡ | ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠪᠠᠷ ᠳᠠᠮᠵᠢᠭᠤᠯᠤᠨ | ᠂ ᠰᠢᠢᠳᠬᠡᠵᠦ ᠲᠤᠷᠭᠠᠬᠤ ᠬᠡᠷᠡᠭ ᠶᠠᠪᠤᠳᠠᠯ ᠢ ᠡᠷᠬᠡ ᠲᠡᠭᠰᠢ ᠲᠥᠪ ᠭᠤᠣᠯᠴᠢ ᠪᠠᠷ ᠰᠢᠢᠳᠪᠦᠷᠢᠯᠡᠬᠦ ᠶᠢ ᠲᠦᠷᠢᠮ ᠤᠨ | ᠲᠠᠯ᠎ᠠ ᠠᠴᠠ ᠪᠠᠲᠤᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠨᠢ ᠨᠡᠶᠢᠭᠡᠮ ᠤᠨ | ᠵᠥᠷᠢᠴᠡᠯ ᠢ ᠠᠷᠢᠯᠭᠠᠬᠤ ᠪᠠ ᠰᠢᠢᠳᠪᠦᠷᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠠᠰᠢᠭᠲᠠᠶ | ᠶᠤᠮ᠃ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠭᠡᠯ | ᠲᠤᠷᠠᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠬᠦ ᠶᠢ ᠵᠢᠷᠤᠮᠵᠢᠭᠤᠯᠵᠤ᠂ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠳᠤᠯᠠᠵᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠤᠷᠭᠠᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠲᠠᠰᠤᠯᠤᠯᠲᠠ ᠶᠢᠨ ᠡᠷᠭᠡ ᠶᠢᠨ | ᠰᠠᠭᠤᠷᠢ ᠪᠠᠷᠢᠮᠵᠢᠶ᠎ᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠤᠭᠲᠠᠭᠠᠯ ᠲᠦᠷᠢᠮ ᠲᠤᠭᠲᠠᠭᠠᠯ ᠢ | ᠦᠨᠳᠦᠰᠦᠯᠡᠨ᠂ ᠬᠥᠬᠡᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠨᠠᠷᠢᠨ ᠲᠦᠷᠢᠮ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ ᠶᠢᠨ ᠵᠠᠷᠴᠢᠮ᠂ | ᠦᠢᠯᠡ ᠪᠠᠶᠢᠳᠠᠯ᠂ ᠵᠢᠷᠤᠮ ᠵᠡᠷᠭᠡ ᠲᠠᠯ᠎ᠠ ᠪᠠᠷ ᠲᠣᠭᠲᠠᠭᠠᠯ ᠭᠠᠷᠭᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠳᠠᠯᠢ | ᠪᠤᠰᠤ ᠦᠢᠯᠡ ᠠᠵᠢᠯᠯᠠᠭ᠎ᠠ ᠶᠢ ᠦᠨᠳᠦᠰᠦᠯᠡᠨ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠲᠠᠰᠤᠯᠤᠯᠲᠠ ᠶᠢᠨ | ᠪᠣᠳᠠᠲᠠᠶ ᠪᠠᠷᠢᠮᠵᠢᠶ᠎ᠠ ᠶᠢ ᠲᠣᠭᠲᠠᠭᠠᠪᠠ᠃ ᠡᠭᠦᠨ ᠳᠤ ᠭᠤᠣᠯᠳᠠᠭᠤ ᠳᠣᠣᠷᠠᠬᠢ ᠬᠡᠳᠦᠨ ᠵᠦᠢᠯ ᠤᠨ ᠪᠠᠶᠢᠳᠠᠯ ᠪᠠᠭᠲᠠᠨ᠎ᠠ | ᠄ | ︵1︶ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ᠂ ᠤᠯᠤᠰ ᠤᠨ | ᠬᠠᠮᠢᠶ᠎ᠠ ᠪᠥᠬᠦᠶ ᠲᠣᠭᠲᠠᠭᠠᠯ ᠢ ᠵᠥᠷᠢᠴᠡᠨ᠂ ᠲᠡᠶᠢᠨ ᠤ ᠦᠶ᠎ᠡ ᠳᠤ ᠠᠭᠠᠷ ᠤᠨ ᠰᠡᠷᠭᠡᠶᠢᠯᠡᠯᠲᠡ ᠳᠤ ᠬᠡᠷᠡᠭᠯᠡᠵᠦ ᠪᠣᠯᠬᠤ | ᠭᠠᠵᠠᠷ ᠳᠣᠤᠷᠠᠬᠢ ᠬᠡᠷ ᠢ ᠪᠠᠶᠢᠭᠤᠯᠤᠭᠰᠠᠨ ᠥᠬᠡᠶ ᠪᠤᠶᠤ ᠪᠠᠶᠢᠭᠤᠯᠬᠤ ᠶᠣᠰᠣᠲᠠᠶ ᠠᠭᠠᠷ ᠤᠨ ᠰᠡᠷᠭᠡᠶᠢᠯᠡᠯᠲᠡ ᠶᠢᠨ | ᠭᠠᠵᠠᠷ ᠳᠣᠤᠷᠠᠬᠢ ᠬᠡᠷ ᠤᠨ ᠲᠠᠯᠠᠪᠠᠶ ᠪᠠ ᠲᠣᠭᠲᠠᠭᠠᠭᠰᠠᠨ ᠪᠠᠷᠢᠮᠵᠢᠶ᠎ᠠ ᠪᠠᠷ ᠣᠨᠳᠣᠤ ᠭᠠᠵᠠᠷ ᠲᠤ ᠪᠥᠲᠥᠭᠡᠨ | ᠪᠠᠶᠢᠭᠤᠯᠬᠤ ᠰᠦᠢᠳᠭᠡᠯ ᠲᠤᠰᠢᠶᠠᠭᠰᠠᠨ ᠥᠬᠡᠶ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | ︵2︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠡᠵᠡᠯᠡᠨ ᠠᠪᠤᠭᠰᠠᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ᠃ | ︵3︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠤᠯᠤᠰ ᠠᠴᠠ ᠲᠣᠭᠲᠠᠭᠠᠭᠰᠠᠨ | ᠬᠠᠮᠠᠭᠠᠯᠠᠯᠲᠠ ᠶᠢᠨ ᠪᠠᠷᠢᠮᠵᠢᠶ᠎ᠠ ᠪᠣᠯᠤᠨ ᠶᠠᠰᠤ ᠴᠢᠨᠠᠷ ᠤᠨ ᠪᠠᠷᠢᠮᠵᠢᠶ᠎ᠠ ᠶᠢ ᠥᠯᠥ ᠵᠢᠷᠤᠮᠯᠠᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠪᠠᠶᠢᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | ︵4︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ | ᠪᠣᠯᠤᠨ ᠪᠠᠷᠢᠯᠭ᠎ᠠ ᠶᠢᠨ ᠳᠣᠲᠣᠭᠠᠳᠤ ᠪᠡᠯᠡᠳᠬᠡᠮᠵᠢ ᠲᠥᠬᠦᠭᠡᠷᠦᠮᠵᠢ ᠶᠢ ᠳᠤᠷ᠎ᠠ ᠪᠠᠷ ᠢᠶᠠᠨ ᠨᠤᠷᠠᠭᠠᠬᠤ ᠪᠤᠶᠤ | ᠬᠤᠪᠢᠷᠠᠭᠤᠯᠬᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ᠃ | ︵5︶ ᠪᠤᠰᠤᠳ ᠠᠷᠭ᠎ᠠ ᠪᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠠᠮᠤᠷ | ᠲᠦᠪᠰᠢᠨ ᠪᠠ ᠬᠡᠷᠡᠭᠯᠡᠬᠦ ᠦᠢᠯᠡᠳᠦᠯ ᠴᠢᠳᠠᠪᠤᠷᠢ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | ︵6︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠨᠤᠷᠠᠭᠠᠭᠰᠠᠨ ᠤ ᠲᠠᠷᠠᠭ᠎ᠠ ᠨᠥᠬᠦᠵᠦ | ᠪᠠᠶᠢᠭᠤᠯᠬᠤ ᠶᠢ ᠲᠡᠪᠴᠢᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | ︵7︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ ᠶᠢᠨ ᠲᠤᠰᠬᠠᠶ ᠳᠠᠪᠲᠠᠮᠵᠢ ᠶᠢ | ᠡᠵᠡᠯᠡᠨ ᠬᠡᠷᠡᠭᠯᠡᠭᠰᠡᠨ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠲᠠᠢ ᠠᠳᠠᠯᠢᠬᠠᠨ ᠲᠠᠭᠤ ᠴᠢᠮᠡᠭᠡᠨ ᠤ | ᠳᠣᠬᠢᠶ᠎ᠠ ᠶᠢ ᠬᠡᠷᠡᠭᠯᠡᠭᠰᠡᠨ ᠪᠤᠶᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ᠂ ᠰᠡᠷᠡᠮᠵᠢ ᠶᠢᠨ | ᠳᠣᠬᠢᠶᠠᠨ ᠤ ᠲᠥᠬᠦᠭᠡᠷᠦᠮᠵᠢ ᠪᠡᠯᠡᠳᠬᠡᠮᠵᠢ ᠶᠢ ᠳᠤᠷ᠎ᠠ ᠪᠠᠷ ᠢᠶᠠᠨ ᠵᠠᠳᠠᠯᠵᠤ ᠬᠠᠶᠠᠭᠰᠠᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ᠃ | ︵8︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭ᠎ᠠ᠂ ᠰᠡᠷᠡᠮᠵᠢ ᠶᠢᠨ ᠳᠣᠬᠢᠶᠠᠨ ᠤ | ᠲᠥᠬᠦᠭᠡᠷᠦᠮᠵᠢ ᠤᠭᠰᠠᠷᠠᠬᠤ ᠶᠢ ᠬᠠᠷᠰᠢᠯᠠᠭᠰᠠᠨ᠂ ᠵᠠᠯᠠᠷᠠᠭᠤᠯᠬᠤ ᠶᠢ ᠲᠡᠪᠴᠢᠭᠰᠡᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ᠃ | ︵9︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠤ ᠬᠠᠶᠠᠭᠳᠠᠮᠠᠯ ᠤᠰᠤ᠂ ᠬᠠᠶᠠᠭᠳᠠᠮᠠᠯ ᠬᠡᠢ | ᠭᠠᠳᠠᠭᠰᠢᠯᠠᠭᠤᠯᠤᠭᠰᠠᠨ ᠪᠤᠶᠤ ᠬᠠᠶᠠᠭᠳᠠᠮᠠᠯ ᠪᠣᠳᠠᠰ ᠠᠰᠬᠠᠵᠤ ᠴᠢᠳᠬᠤᠭᠰᠠᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ᠃ | ︵10︶ ︵ᠨᠢᠭᠡ︶ ᠠᠷᠠᠳ ᠤᠨ ᠭᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ ᠢ ᠰᠢᠨ᠎ᠡ ᠪᠠᠷ | ᠪᠠᠶᠢᠭᠤᠯᠬᠤ ᠳᠤ᠂ ᠪᠠᠷᠢᠯᠭ᠎ᠠ ᠶᠢᠨ ᠲᠥᠯᠥᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠴᠠ | ᠡᠮᠦᠨ᠎ᠡ᠂ ᠠᠷᠠᠳ ᠤᠨ ᠠᠭᠠᠷ ᠢ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠢᠨᠠᠨ | ᠬᠠᠷᠭᠤᠭᠤᠯᠬᠤ ᠭᠠᠷᠲᠠᠮ ᠢ ᠬᠠᠤᠯᠢ ᠶᠣᠰᠣᠭᠠᠷ ᠭᠦᠢᠴᠡᠳᠬᠡᠭᠰᠡᠨ ᠥᠭᠡᠢ︔ ︵ᠬᠤᠶᠠᠷ︶ ᠪᠠᠷᠢᠯᠭ᠎ᠠ ᠪᠠᠷᠢᠬᠤ ᠨᠢᠭᠡᠴᠡ | ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠤᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ | ᠪᠢᠴᠢᠭ ᠮᠠᠲ᠋ᠧᠷᠢᠶᠠᠯ ᠢᠶᠠᠨ ᠲᠣᠭᠲᠠᠭᠠᠯ ᠶᠣᠰᠣᠭᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠭᠤᠯᠤᠭᠰᠠᠨ ᠥᠭᠡᠢ︔ ︵ᠭᠤᠷᠪᠠ︶ ᠪᠠᠷᠢᠯᠭ᠎ᠠ ᠶᠢᠨ ᠵᠢᠷᠤᠭ ᠲᠤ | ᠵᠠᠰᠠᠪᠤᠷᠢ ᠣᠷᠣᠭᠤᠯᠬᠤ ᠳᠠᠭᠠᠨ ᠤᠤᠯ ᠤᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠷ ᠬᠢᠨᠠᠨ | ᠪᠠᠶᠢᠴᠠᠭᠠᠯᠭᠠᠭᠰᠠᠨ ᠥᠭᠡᠢ ᠪᠥᠭᠡᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠥᠭᠡᠢ︔ ︵ᠳᠥᠷᠪᠡ︶ ᠵᠢᠷᠤᠭᠯᠠᠨ ᠲᠥᠯᠥᠪᠯᠡᠬᠦ ᠨᠢᠭᠡᠴᠡ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠢ ᠵᠢᠷᠤᠭᠯᠠᠨ | ᠲᠥᠯᠥᠪᠯᠡᠬᠦ ᠳᠡᠭᠡᠨ ᠡᠩ ᠤᠨ ᠦᠶ᠎ᠡ ᠶᠢᠨ ᠪᠠ ᠲᠡᠶᠢᠨ ᠤ ᠦᠶ᠎ᠡ ᠶᠢᠨ ᠴᠢᠳᠠᠮᠵᠢ ᠶᠢ ᠬᠤᠪᠢᠷᠠᠭᠤᠯᠬᠤ ᠲᠥᠰᠦᠯ ᠢ | ᠵᠡᠷᠭᠡ ᠳᠤᠨᠢ ᠲᠣᠭᠲᠠᠭᠠᠭᠰᠠᠨ ᠥᠬᠡᠶ︔ ︵ᠲᠠᠪᠤ︶ ᠪᠠᠷᠢᠯᠭ᠎ᠠ ᠪᠠᠷᠢᠬᠤ ᠨᠢᠭᠡᠴᠡ ᠠᠭᠠᠷ ᠤᠨ ᠰᠡᠷᠭᠡᠶᠢᠯᠡᠯᠲᠡ ᠶᠢᠨ | ᠭᠠᠵᠠᠷ ᠳᠣᠣᠷᠠᠬᠢ ᠭᠡᠷ ᠤᠨ ᠰᠡᠷᠭᠡᠶᠢᠯᠡᠨ ᠬᠠᠮᠠᠭᠠᠯᠠᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ ᠢ | ᠲᠣᠭᠲᠠᠭᠠᠯ ᠶᠣᠰᠣᠭᠠᠷ ᠭᠦᠢᠴᠡᠳᠬᠡᠭᠰᠡᠨ ᠥᠭᠡᠢ︔ ︵ᠵᠢᠷᠭᠤᠭ᠎ᠠ︶ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ | ᠳᠠᠭᠤᠰᠴᠤ ᠰᠢᠯᠭᠠᠨ ᠠᠪᠤᠭᠰᠠᠨ ᠥᠭᠡᠢ ᠪᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠲᠤᠰᠢᠶᠠᠨ | ᠥᠭᠴᠦ ᠬᠡᠷᠡᠭᠯᠡᠭᠦᠯᠦᠭᠰᠡᠨ ᠵᠢᠷᠭᠤᠭᠠᠨ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | | ᠢᠷᠡᠯᠲᠡ᠄ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠬᠡᠷ |