︽ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ︾ ᠬᠦᠷᠴᠦ ᠢᠷᠡᠯ᠎ᠡ
ᠨᠡᠶᠢᠲᠡᠯᠡᠭᠰᠡᠨ ᠴᠠᠭ᠄
2022/1/11
  ︽ᠰᠢᠭᠤᠳ ᠨᠡᠪᠲᠡᠷᠡᠭᠦᠯᠭᠡ ᠦᠵᠡᠵᠦ᠂ ᠰᠣᠶᠣᠯ ᠢ ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠴᠠᠭᠠᠨ ᠰᠠᠷ᠎ᠠ ᠶᠢᠨ ᠪᠠᠷᠠᠭ᠎ᠠ ᠪᠡᠯᠡᠳᠬᠡᠬᠦ︾᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ ︽ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ︾ ᠤᠨ ᠰᠦᠯᠵᠢᠶᠡᠨ ᠳᠡᠭᠡᠷᠡᠬᠢ ᠠᠵᠢᠯᠯᠠᠭ᠎ᠠ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠪᠥᠬᠦ ᠣᠷᠣᠨ ᠳᠤ ᠡᠬᠢᠯᠡᠪᠡ᠃   ᠲᠤᠰ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠨᠥᠭᠦᠳ ᠨᠢᠭᠡ ᠭᠡᠷ ᠪᠦᠯᠢ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ ᠴᠠᠭᠠᠨ ᠰᠠᠷ᠎ᠠ ᠶᠢ ᠪᠡᠯᠭᠡᠯᠡᠬᠦ︾ ᠪᠠᠷ ᠰᠡᠳᠦᠪᠯᠡᠵᠦ᠂ ︽ᠰᠣᠶᠣᠯ ᠢ ᠤᠬᠠᠭᠤᠯᠬᠤ + ᠪᠦᠲᠦᠭᠡᠭᠳᠡᠬᠦᠨ ᠢ ᠲᠠᠨᠢᠯᠴᠠᠭᠤᠯᠬᠤ︾ ᠬᠡᠯᠪᠡᠷᠢ ᠪᠠᠷ ᠴᠠᠭᠠᠨ ᠰᠠᠷ᠎ᠠ ᠲᠠᠢ ᠬᠤᠯᠪᠣᠭ᠎ᠠ ᠲᠠᠢ᠂ ᠲᠥᠯᠥᠭᠡᠯᠡᠬᠦ ᠴᠢᠨᠠᠷᠲᠠᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭ᠎ᠠ ᠶᠢ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠤᠨ᠎ᠠ᠃ ᠡᠭᠦᠨ ᠤ ᠵᠣᠷᠢᠯᠭ᠎ᠠ ᠨᠢ ᠥᠪᠥᠷ ᠮᠣᠩᠭᠤᠯ ᠤᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠵᠠᠯᠭᠠᠮᠵᠢᠯᠠᠭᠴᠢ ᠳᠤ ᠳᠡᠯᠭᠡᠷᠡᠭᠦᠯᠦᠨ ᠪᠣᠷᠣᠯᠠᠭᠤᠯᠬᠤ ᠲᠠᠪᠴᠠᠩ ᠪᠠᠶᠢᠭᠤᠯᠤᠨ ᠥᠭᠴᠦ᠂ ᠥᠷᠭᠡᠨ ᠣᠯᠠᠨ ᠠᠷᠠᠳ ᠲᠦᠮᠡᠨ ᠤ ᠪᠠᠶᠠᠷ ᠤᠨ ᠡᠳᠦᠷ ᠤᠨ ᠠᠮᠢᠳᠤᠷᠠᠯ ᠢ ᠪᠠᠶᠠᠯᠢᠭᠵᠢᠭᠤᠯᠤᠨ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠲᠡᠮᠳᠡᠭᠲᠦ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢᠨ ᠲᠥᠯᠥᠭᠡ ᠶᠤᠮ᠃   ᠲᠣᠰ ᠤᠳᠠᠭᠠᠨ ᠤ ᠠᠵᠢᠯᠯᠠᠭ᠎ᠠ ᠶᠢᠨ ᠭᠤᠤᠯ ᠬᠤᠷᠠᠯ ᠤᠨ ᠲᠠᠯᠠᠪᠠᠶ ᠶᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠪᠠᠶᠢᠷᠢᠯᠠᠭᠤᠯᠵᠤ᠂ ᠡᠯ᠎ᠡ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠠᠢ᠃ ᠭᠤᠣᠯ ᠬᠤᠷᠠᠯ ᠤᠨ ᠲᠠᠯᠠᠪᠠᠢ ᠶᠢᠨ ᠬᠥᠳᠡᠯᠭᠡᠭᠡᠨ ᠨᠢ ᠡᠯᠪᠡᠭ ᠪᠠᠶᠠᠯᠢᠭ ᠪᠠᠶᠢᠵᠤ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠦᠬᠦ ᠣᠷᠣᠨ ᠤ ᠬᠡᠪᠴᠢᠶᠡᠨ ᠠᠴᠠ 50 ᠭᠠᠷᠤᠢ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠤᠨ 200 ᠰᠢᠬᠠᠮ ᠲᠦᠷᠦᠯ ᠤᠨ ᠦᠢᠯᠡᠳᠬᠦᠨ ᠢ ᠨᠠᠷᠢᠨ ᠰᠣᠩᠭᠤᠵᠤ᠂ ᠵᠠᠭᠤᠴᠢᠯᠠᠭᠤᠷ ᠢᠶᠠᠷ ᠳᠠᠮᠵᠢᠭᠤᠯᠤᠨ ᠰᠢᠭᠤᠳ ᠨᠡᠪᠲᠡᠷᠡᠭᠦᠯᠦᠨ ᠲᠠᠨᠢᠯᠴᠠᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ ᠰᠢᠭᠤᠳ ᠨᠡᠪᠲᠡᠷᠡᠭᠦᠯᠦᠨ ᠬᠤᠳᠠᠯᠳᠤᠨ᠎ᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠲᠠᠢ ᠬᠤᠯᠪᠣᠭᠠᠯᠠᠨ᠂ ᠦᠨᠳᠦᠰᠦᠨ ᠱᠠᠲᠤᠨ ᠤ ᠭᠠᠷ ᠤᠷᠠᠯᠠᠯ ᠤᠨ ᠠᠵᠢᠯ ᠬᠢᠵᠦ ᠪᠠᠶᠢᠭ᠎ᠠ ᠡᠮᠡᠭᠲᠡᠶᠢᠴᠦᠳ᠂ ᠵᠡᠮᠳᠡᠭᠴᠦᠳ ᠤᠨ ᠦᠢᠯᠡᠳᠬᠦᠨ ᠢ ᠲᠤᠰᠬᠠᠶᠢᠯᠠᠨ ᠪᠣᠷᠣᠯᠠᠭᠤᠯᠤᠨ᠎ᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号