︵ᠰᠤᠷᠪᠤᠯᠵᠢᠯᠠᠭᠴᠢ ᠪᠤᠤ ᠢᠤᠢ ᠶᠢᠩ︶ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠪᠦᠷᠢᠳᠭᠡᠨ | ᠳᠠᠩᠰᠠᠯᠠᠬᠤ ᠦᠢᠯᠡᠴᠢᠯᠡᠭᠡ ᠶᠢ ᠴᠢᠨᠠᠭᠰᠢᠲᠠ ᠰᠢᠯᠢᠳᠡᠭᠵᠢᠭᠦᠯᠬᠦ ᠶᠢᠨ ᠲᠥᠯᠥᠭᠡ᠂ ︽ᠭᠡᠷᠡᠴᠢᠯᠡᠬᠦ ᠮᠠᠲ᠋ᠧᠷᠢᠶᠠᠯ | ᠬᠡᠷᠡᠭᠯᠡᠬᠦ ᠦᠭᠡᠢ᠂ ᠭᠦᠢᠴᠡᠳᠬᠡᠬᠦ ᠶᠢ ᠬᠢᠨᠠᠨ ᠬᠠᠷᠭᠤᠭᠤᠯᠬᠤ᠂ ᠴᠠᠭ ᠲᠤᠬᠠᠶ ᠲᠤ ᠨᠢ ᠨᠡᠪᠲᠡᠷᠡᠭᠦᠯᠬᠦ᠂ ᠴᠠᠭ | ᠲᠤᠬᠠᠶ ᠲᠤᠨᠢ ᠭᠥᠷᠳᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ | ᠲᠣᠪᠴᠢᠶ᠎ᠠ ᠶᠢᠨ ︽ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠥᠪᠡᠰᠦᠪᠡᠨ ᠳᠠᠩᠰᠠᠯᠠᠬᠤ | ᠦᠢᠯᠡᠴᠢᠯᠡᠭᠡ ᠭᠠᠷᠭᠠᠬᠤ ᠲᠤᠬᠠᠶ ᠮᠡᠳᠡᠭᠳᠡᠯ︾ ᠶᠣᠰᠣᠭᠠᠷ᠂ ᠬᠦᠬᠡᠬᠤᠲᠠ 2022 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠥᠪᠡᠰᠦᠪᠡᠨ ᠳᠠᠩᠰᠠᠯᠠᠬᠤ | ᠦᠢᠯᠡᠴᠢᠯᠡᠭᠡ ᠶᠢ ᠬᠡᠷᠡᠭᠵᠢᠭᠦᠯᠵᠡᠢ᠃ | ᠣᠶᠢᠯᠠᠭᠠᠭᠰᠠᠨ ᠢᠶᠠᠷ᠂ ᠤᠨᠳᠤᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠠᠮᠠᠷᠠᠭᠰᠠᠨ | ᠠᠵᠢᠯ ᠠᠴᠠ ᠪᠠᠨ ᠳᠠᠷᠬᠠᠯᠠᠬᠳᠠᠬᠰᠠᠨ᠂ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ | ᠂ ᠤᠨᠳᠤᠤ ᠭᠠᠵᠠᠷ ᠲᠤ ᠪᠠᠶᠢᠩᠭᠤ ᠰᠠᠭᠤᠵᠤ ᠪᠠᠶᠢᠭ᠎ᠠ ᠠᠵᠢᠯᠲᠠᠨ ᠢ ︽ᠮᠤᠵᠢ ᠠᠯᠤᠰᠯᠠᠨ ᠤᠨᠳᠤᠤ ᠭᠠᠵᠠᠷ ᠲᠤ | ᠣᠷᠳᠣ ᠬᠤᠭᠤᠴᠠᠭ᠎ᠠ ᠪᠠᠷ ᠰᠠᠭᠤᠭ᠎ᠠ ᠬᠥᠮᠦᠰ︾ ᠭᠡᠵᠦ ᠨᠢᠭᠡᠳᠦᠯᠲᠡᠶ ᠲᠤᠬᠢᠷᠠᠭᠤᠯᠤᠨ ᠳᠥᠭᠦᠮᠴᠢᠯᠡᠪᠠ᠃ ᠤᠨᠳᠤᠤ | ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠦᠰ᠂ ᠥᠪᠡᠰᠦᠪᠡᠨ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ | ᠵᠢᠴᠢ ᠠᠵᠢᠯ᠂ ᠵᠢᠭᠤᠯᠴᠢᠯᠠᠯ ᠵᠡᠷᠭᠡ ᠰᠢᠯᠲᠠᠭᠠᠨ ᠠᠴᠠ ᠪᠣᠯᠵᠣ ᠪᠠᠴᠢᠮ ᠬᠡᠷᠡᠭᠴᠡᠭᠡ ᠲᠠᠢ ᠡᠮᠨᠡᠭᠦᠯᠦᠭᠰᠡᠨ ᠬᠥᠮᠦᠰ ᠢ | ︽ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ︾ ᠭᠡᠵᠦ ᠨᠢᠭᠡᠳᠦᠯᠲᠡᠶ | ᠲᠤᠬᠢᠷᠠᠭᠤᠯᠤᠨ ᠳᠥᠭᠦᠮᠴᠢᠯᠠᠪᠠ᠃ ᠮᠤᠵᠢ ᠠᠯᠤᠰᠯᠠᠨ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ | ᠪᠠᠶᠢᠭ᠎ᠠ ᠬᠥᠮᠦᠰ ᠪᠠ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠦᠰ ᠴᠥᠮ ᠮᠤᠵᠢ | ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠥᠪᠡᠰᠦᠪᠡᠨ ᠦᠢᠯᠡᠴᠢᠯᠡᠬᠦ ᠳᠡᠩᠰᠡᠯᠡᠯᠲᠡ ᠬᠢᠵᠦ ᠪᠣᠯᠣᠨ᠎ᠠ᠃ | | ᠥᠪᠡᠷᠲᠡᠭᠡᠨ ᠳᠠᠩᠰᠠᠯᠠᠭᠤᠯᠤᠨ ᠭᠦᠢᠴᠡᠳᠬᠡᠬᠦ ᠶᠠᠪᠤᠴᠠ ᠨᠢ ᠳᠤᠤᠷᠠᠬᠢ ᠮᠡᠲᠦ᠄ ︽ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ︾ APP ᠶᠢ ᠪᠠᠭᠤᠯᠭᠠᠨ ᠠᠪᠴᠤ ᠤᠭᠰᠠᠷᠠᠨ᠂ | ᠦᠨᠡᠨ ᠨᠡᠷ᠎ᠡ ᠪᠠᠷ ᠳᠠᠩᠰᠠᠯᠠᠭᠤᠯᠤᠨ ᠲᠡᠮᠳᠡᠭᠯᠡᠭᠦᠯᠵᠦ᠂ ︽ᠤᠨᠳᠤᠤ ᠭᠠᠵᠠᠷ ᠲᠤ ᠳᠠᠩᠰᠠᠯᠠᠭᠤᠯᠬᠤ︾ ᠶᠢ ᠰᠣᠩᠭᠤᠵᠤ᠂ | ︽ᠤᠨᠳᠤᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠭᠤᠶᠤᠴᠢᠯᠠᠯ︾ ᠢ ᠲᠣᠪᠴᠢᠳᠠᠨ᠎ᠠ︔ ᠳᠠᠭᠠᠳᠬᠠᠯ ᠳᠤ | ᠣᠷᠣᠯᠴᠠᠭᠰᠠᠨ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︾ ᠢ ᠰᠣᠩᠭᠤᠵᠤ᠂ ᠪᠣᠳᠠᠲᠠᠶ | ᠪᠠᠶᠢᠳᠠᠯ ᠢᠶᠠᠨ ᠦᠨᠳᠦᠰᠦᠯᠡᠨ ᠡᠮᠨᠡᠭᠦᠯᠬᠦ ᠭᠠᠵᠠᠷ᠂ ᠳᠠᠭᠠᠳᠬᠠᠯ ᠳᠤ ᠣᠷᠣᠯᠴᠠᠬᠤ ᠲᠥᠷᠥᠯ ᠵᠦᠢᠯ ᠵᠢᠴᠢ ᠪᠦᠷᠢᠳᠭᠡᠨ | ᠳᠠᠩᠰᠠᠯᠠᠭᠤᠯᠬᠤ ᠲᠥᠷᠥᠯ ᠵᠦᠢᠯ ᠢ ᠰᠣᠩᠭᠤᠵᠤ᠂ ᠦᠨᠡᠨ ᠪᠣᠳᠠᠲᠠᠶ ᠪᠠᠷ ᠲᠠᠭᠯᠠᠭᠰᠠᠨ ᠤ ᠳᠠᠷᠠᠭ᠎ᠠ ︽ᠡᠬᠢᠯᠡᠨ | ᠪᠦᠷᠢᠳᠬᠡᠨ ᠳᠠᠩᠰᠠᠯᠠᠭᠤᠯᠬᠤ︾ ᠶᠢ ᠲᠣᠪᠴᠢᠳᠠᠨ᠎ᠠ︔ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠨᠠᠷᠢᠨ | ᠬᠢᠨᠠᠮᠠᠭᠠᠶ ᠲᠠᠭᠯᠠᠨ ᠪᠢᠴᠢᠵᠦ᠂ ︽ᠬᠤᠪᠢ ᠬᠥᠮᠦᠨ ᠤ ᠠᠮᠠᠯᠠᠯᠲᠠ ᠶᠢᠨ ᠪᠢᠴᠢᠭ︾ ᠤᠨ ᠠᠭᠤᠯᠭ᠎ᠠ ᠶᠢ ᠨᠠᠷᠢᠨ | ᠬᠢᠨᠠᠮᠠᠭᠠᠢ ᠤᠩᠰᠢᠬᠤ ᠶᠢᠨ ᠬᠠᠮᠲᠤ ᠬᠠᠷᠭᠤᠭᠤᠯᠵᠤ᠂ ︽ᠡᠬᠢᠯᠡᠨ ᠭᠠᠷ ᠤᠨ ᠦᠰᠦᠭ ᠵᠢᠷᠤᠬᠤ︾ ᠢ ᠲᠣᠪᠴᠢᠳᠠᠨ | ᠨᠤᠲᠠᠯᠠᠵᠤ᠂ ︽ᠬᠠᠳᠠᠭᠠᠯᠠᠬᠤ ᠶᠢᠨ ᠬᠠᠮᠲᠤ ᠲᠤᠰᠢᠶᠠᠬᠤ︾ ᠶᠢ ᠲᠣᠪᠴᠢᠳᠠᠵᠤ᠂ ︽ᠲᠤᠰᠢᠶᠠᠵᠤ ᠳᠠᠩᠰᠠᠯᠠᠭᠤᠯᠬᠤ︾ | ᠶᠢ ᠳᠠᠬᠢᠨᠲᠠ ᠲᠣᠪᠴᠢᠳᠠᠵᠤ᠂ ︽ᠦᠢᠯᠡᠴᠢᠯᠡᠭᠡ ᠨᠡᠪᠲᠡᠷᠡᠭᠡᠳ ᠠᠮᠵᠢᠯᠲᠠ ᠣᠯᠣᠭᠰᠠᠨ︾ ᠢ ᠰᠠᠨᠠᠭᠤᠯᠪᠠᠯ | ᠪᠣᠯᠴᠢᠬᠠᠨ᠎ᠠ᠃ |