ᠮᠠᠨ ᠤ ᠬᠤᠲᠠ ᠶᠢᠨ ᠡᠳ᠋ ᠤᠨ ᠵᠠᠰᠠᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2022/1/24
     ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠡᠳ᠋ ᠤᠨ ᠵᠠᠰᠠᠭ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠳᠠᠪᠠᠭᠤᠯᠢᠭ ᠲᠤ ᠴᠢᠭᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠳᠡᠭᠡᠳᠦ ᠱᠠᠲᠤᠨ ᠤ ᠲᠥᠷᠥᠯ ᠵᠦᠢᠯ᠂ ᠪᠡᠯᠡ ᠮᠥᠩᠭᠦ ᠶᠢ ᠣᠯᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠲᠣᠰ ᠱᠠᠲᠤᠨ ᠤ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠳᠡᠮᠵᠢᠵᠦ ᠪᠠᠶᠢᠨ᠎ᠠ᠃      ᠨᠢᠭᠡ ᠳᠤ 2019 ︱ 2021 ᠣᠨ ᠳᠤ᠂ ᠳᠡᠭᠡᠳᠦ ᠱᠠᠲᠤᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠰᠬᠠᠢ ᠪᠡᠯᠡ ᠮᠥᠩᠭᠦ ᠶᠢ 1.5 ᠳ᠋ᠦᠩᠰᠢᠭᠤᠷ ᠲᠥᠭᠦᠷᠢᠭ ᠣᠯᠵᠤ᠂ ᠬᠤᠲᠠ ᠶᠢᠨ ᠲᠣᠰ ᠱᠠᠲᠤᠨ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠪᠡᠯᠡ ᠮᠥᠩᠭᠦ ᠶᠢ 1.7 ᠳ᠋ᠦᠩᠰᠢᠭᠤᠷ ᠲᠥᠭᠦᠷᠢᠭ ᠭᠠᠷᠭᠠᠵᠤ᠂ ᠮᠠᠨ ᠤ ᠬᠤᠲᠠ ᠶᠢᠨ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠳᠤ ᠡᠳ᠋ ᠤᠨ ᠬᠦᠴᠦᠨ ᠤ ᠲᠤᠯᠭᠠᠭᠤᠷᠢᠯᠠᠯ ᠬᠠᠩᠭᠠᠪᠠ᠃ ᠬᠤᠶᠠᠷ ᠲᠤ ᠴᠠᠷᠭᠠᠰᠤ ᠡᠪᠡᠰᠦᠨ ᠤ ᠪᠥᠬᠦ ᠠᠵᠤ ᠦᠢᠯᠡᠰ ᠤᠨ ᠬᠡᠯᠬᠢᠶᠡᠨ ᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠲᠥᠷᠥᠯ ᠵᠦᠢᠯ ᠢ ᠢᠳᠡᠪᠬᠢᠲᠡᠢ ᠥᠷᠨᠢᠭᠦᠯᠵᠦ᠂ ᠣᠯᠠᠨ ᠲᠠᠯ᠎ᠠ  ᠠᠴᠠ 0.76 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠠᠷᠭᠠᠵᠤ᠂ ᠴᠢᠨᠠᠷ ᠰᠠᠶᠢᠲᠠᠢ ᠡᠪᠡᠰᠦ ᠪᠡᠯᠴᠢᠭᠡᠷ ᠢ ᠣᠷᠣᠨ ᠨᠤᠲᠤᠭ ᠲᠠᠭᠠᠨ ᠲᠠᠷᠢᠬᠤ᠂ ᠮᠠᠯ ᠪᠡᠯᠴᠢᠭᠡᠷ ᠢ ᠤᠶᠠᠯᠳᠤᠭᠤᠯᠬᠤ ᠰᠢᠨ᠎ᠡ ᠵᠠᠭᠪᠤᠷ ᠢ ᠰᠦᠪᠡᠭᠴᠢᠯᠡᠨ ᠡᠭᠦᠳᠪᠡ ᠃ ᠭᠤᠷᠪᠠ ᠳᠤ ᠰᠠᠭᠠᠯᠢ ᠶᠢᠨ ᠢᠮᠠᠭᠠᠨ ᠤ ᠠᠵᠤ ᠦᠢᠯᠡᠰ ᠢ ᠰᠠᠭᠠᠯᠢ ᠶᠢᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠨᠢᠭᠡᠨ ᠰᠢᠨ᠎ᠡ ᠶᠢ ᠡᠭᠦᠳᠬᠦ ᠴᠢᠭᠯᠡᠯ ᠪᠣᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠷᠢᠨᠭᠡᠷ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠢᠮᠠᠭᠠᠨ ᠰᠦ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠤᠨ ᠬᠥᠭᠵᠢᠯᠲᠡ ᠶᠢᠨ ᠪᠡᠯᠡ ᠮᠥᠩᠭᠦ ᠶᠢ 900 ᠲᠦᠮᠡᠨ ᠲᠥᠭᠦᠷᠢᠭ ᠣᠯᠵᠤ ᠪᠠᠭᠤᠯᠭᠠᠨ᠂ ᠰᠠᠭᠠᠯᠢ ᠶᠢᠨ ᠢᠮᠠᠭᠠᠨ ᠤ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠰᠠᠭᠠᠯᠢ ᠶᠢᠨ ᠢᠮᠠᠭ᠎ᠠ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠪᠠ᠃ ᠳᠥᠷᠪᠡ ᠳᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠠᠯᠢ ᠶᠢᠨ ᠦᠨᠢᠶ᠎ᠡ ᠶᠢᠨ ᠬᠤᠪᠢ ᠶᠢᠨ ᠲᠥᠯ ᠢ ᠥᠰᠬᠡᠬᠦ ᠶᠢ ᠢᠳᠡᠪᠬᠢᠲᠡᠢ ᠪᠠᠷ ᠠᠬᠢᠭᠤᠯᠵᠤ᠂ 2021 ᠣᠨ ᠳᠤ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠱᠠᠩᠨᠠᠯ ᠤᠨ ᠪᠡᠯᠡ ᠮᠥᠩᠭᠦ ᠶᠢ 0.18 ᠳ᠋ᠦᠩᠰᠢᠭᠤᠷ ᠲᠥᠭᠦᠷᠢᠭ ᠣᠯᠵᠤ᠂ ᠥᠨᠳᠥᠷ ᠬᠢᠷᠢ ᠲᠦᠪᠰᠢᠨ ᠪᠦᠬᠦᠢ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠣᠶᠢᠵᠢᠯᠲᠠ ᠶᠢ ᠳᠡᠮᠵᠢᠵᠦ᠂ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠡᠷᠭᠢᠯᠲᠡ ᠶᠢᠨ ᠳᠠᠶᠢᠯᠠᠯᠳᠤᠭᠠᠨ︾ ᠢ ᠰᠠᠶᠢᠲᠤᠷ ᠬᠢᠪᠡ᠃      ᠡᠳ᠋ ᠤᠨ ᠵᠠᠰᠠᠭ ᠤᠨ ᠪᠡᠯᠡ ᠮᠥᠩᠭᠦ ᠶᠢᠨ ᠬᠦᠴᠦᠲᠡᠢ ᠳᠡᠮᠵᠢᠯᠭᠡ ᠳᠣᠣᠷ᠎ᠠ᠂ ᠮᠠᠨ ᠤ ᠬᠤᠲᠠ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠢᠶᠠᠷ ᠭᠤᠣᠯ ᠪᠣᠯᠭᠠᠭᠰᠠᠨ᠂ ᠰᠠᠶᠢᠬᠠᠨ ᠲᠣᠭᠤᠷᠢᠭ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠢᠶᠠᠷ ᠨᠥᠬᠦᠪᠦᠷᠢ ᠪᠣᠯᠭᠠᠭᠰᠠᠨ ᠰᠦ ᠶᠢᠨ ᠢᠷᠡᠯᠲᠡ ᠶᠢᠨ ᠳᠠᠪᠠᠭᠤᠯᠢᠭ ᠭᠤᠣᠯ ᠣᠷᠣᠨ ᠢ ᠦᠨᠳᠦᠰᠦᠨ ᠳᠡᠭᠡᠨ ᠪᠦᠷᠢᠯᠳᠦᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ︽ᠠᠷᠠᠳ ᠠᠴᠠ ᠠᠪᠴᠤ᠂ ᠠᠷᠠᠳ ᠲᠤ ᠬᠡᠷᠡᠭᠯᠡᠵᠦ᠂ ᠠᠷᠠᠳ ᠲᠤ ᠪᠤᠶᠠᠨ ᠦᠢᠯᠡᠳᠴᠦ︾᠂ ᠰᠠᠭᠠᠯᠢ ᠶᠢᠨ ᠥᠨᠢᠶ᠎ᠡ ᠶᠢᠨ ᠡᠷᠦᠬᠡ ᠶᠢᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号