ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/4
      ︵ᠰᠤᠷᠪᠤᠯᠵᠢᠯᠠᠭᠴᠢ ᠮᠢᠶᠣᠣ ᠰᠢᠨ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠪᠣᠯᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠤᠢ ᠱᠸᠤ ᠵᠢᠶ ᠬᠤᠷᠠᠯ ᠳᠤ ᠣᠷᠣᠯᠴᠠᠵᠠᠶ᠃      ᠼᠤᠤ ᠰᠧ ᠶᠠᠩ ᠬᠡᠯᠡᠬᠦ ᠳᠡᠭᠡᠨ᠂ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠯ᠎ᠡ ᠭᠡᠰᠢᠭᠦᠨ ᠨᠢᠭᠡᠴᠡ  ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠪᠠᠨ ᠲᠠᠨᠢᠵᠤ ᠠᠪᠴᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠨᠡᠩ ᠰᠠᠶᠢᠨ ᠨᠡᠩ ᠪᠣᠳᠠᠲᠠᠢ ᠬᠢᠬᠦ ᠬᠡᠷᠡᠭᠲᠡᠢ ᠭᠡᠵᠡᠢ᠃      ᠼᠤᠤ ᠰᠧ ᠶᠠᠩ ᠱᠠᠭᠠᠷᠳᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠲᠠᠭᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠯ ᠢᠶᠠᠨ ᠲᠡᠭᠦᠯᠳᠡᠷᠵᠢᠭᠦᠯᠵᠦ᠂ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠳᠤᠲᠠᠭᠤᠳᠠᠯ ᠢᠶᠠᠨ ᠦᠨᠡᠨᠬᠦ ᠨᠥᠬᠦᠪᠥᠷᠢᠯᠡᠬᠦ ᠬᠡᠷᠡᠭᠲᠡᠢ᠃ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠠᠵᠢᠯ ᠤᠨ ᠲᠣᠬᠢᠶᠠᠯ ᠢ ᠠᠮᠵᠢᠵᠤ᠂ ᠬᠠᠪᠤᠷ ᠤᠨ ᠤᠯᠠᠷᠢᠯ ᠳᠤ ᠮᠠᠨ ᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠪᠣᠳᠠᠲᠠᠢ ᠠᠬᠢᠭᠤᠯᠬᠤ ᠱᠠᠲᠤᠨ ᠳᠤ ᠲᠦᠷᠭᠡᠨ ᠣᠷᠣᠭᠤᠯᠵᠤ᠂ ᠣᠷᠣᠨ ᠤ ᠲᠥᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠬᠥᠬᠡᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠬᠠᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠵᠤ᠂ ᠳᠠᠯᠳᠠᠭᠤᠷ ᠰᠤᠷᠪᠤᠯᠵᠢᠯᠠᠵᠤ᠂ ᠪᠠᠶᠢᠴᠠᠭᠠᠨ ᠰᠤᠳᠤᠯᠤᠯᠲᠠ ᠬᠢᠵᠦ ᠵᠢᠭᠠᠵᠤ ᠭᠠᠷᠭᠠᠭᠰᠠᠨ ᠠᠰᠠᠭᠤᠳᠠᠯ ᠢ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号