ᠬᠤᠲᠠ ᠶᠢᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/12
ᠪᠣᠣ ᠭᠠᠩ ᠡᠷᠬᠢᠯᠡᠵᠦ  ᠾᠧ ᠬᠠᠢ ᠳ᠋ᠦᠩ ᠴᠠᠩ ᠫᠧᠢ ᠵᠦᠩ ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 10 ᠤ ᠣᠷᠣᠢ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠬᠢᠵᠢᠭ ᠢ ᠡᠰᠡᠷᠭᠦᠴᠡᠬᠦ ᠲᠡᠮᠡᠴᠡᠯ ᠤᠨ ᠪᠤᠳᠤᠯᠢᠶᠠᠨᠲᠤ ᠴᠢᠨᠠᠷ᠂ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠢ ᠭᠦᠢᠴᠡᠳ ᠲᠠᠨᠢᠬᠤ ᠬᠡᠷᠡᠭᠲᠡᠢ᠃ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ︽ᠲᠦᠷᠭᠡᠨ ᠰᠢᠯᠭᠠᠬᠤ︾ ︽ᠲᠦᠷᠭᠡᠨ ᠰᠢᠯᠵᠢᠭᠦᠯᠬᠦ︾ ︽ᠲᠦᠷᠭᠡᠨ ᠲᠤᠰᠠᠭᠠᠷᠯᠠᠬᠤ︾ ︽ᠴᠢᠩᠭ᠎ᠠ ᠬᠠᠮᠢᠶᠠᠷᠬᠤ︾ ︽ᠭᠤᠷᠪᠠᠨ ᠲᠦᠷᠭᠡᠨ ᠨᠢᠭᠡ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠴᠤᠭᠯᠠᠭᠤᠯᠬᠤ᠂ ᠬᠦᠷᠭᠡᠬᠦ᠂ ᠰᠢᠯᠭᠠᠬᠤ᠂ ᠮᠡᠳᠡᠭᠦᠯᠬᠦ᠂ ᠮᠡᠳᠡᠭᠡ᠂ ᠬᠠᠮᠢᠶᠠᠷᠬᠤ︾ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠰᠢᠭᠯᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠠᠮᠵᠢᠯᠴᠠᠨ ᠪᠠᠶᠢᠯᠳᠤᠬᠤ ᠬᠠᠪᠲᠠᠭᠠᠢᠢᠵᠢᠭᠰᠠᠠ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠲᠦᠷᠭᠡᠨ ᠰᠢᠯᠵᠢᠭᠦᠯᠵᠦ ᠲᠦᠷᠭᠡᠨ ᠬᠦᠯᠢᠶᠡᠨ ᠠᠪᠴᠤ ᠲᠦᠷᠭᠡᠨ ᠡᠮᠨᠡᠵᠦ᠂ ᠠᠷᠭ᠎ᠠ ᠪᠦᠬᠦᠨ ᠢ ᠰᠦᠪᠡᠭᠴᠢᠯᠡᠨ ᠲᠤᠰᠠᠭᠠᠷᠯᠠᠬᠤ ᠡᠬᠢ ᠪᠠᠶᠠᠯᠢᠭ ᠢ ᠠᠭᠤᠳᠠᠯᠵᠤ᠂ ᠣᠶᠢᠷ᠎ᠠ ᠬᠠᠪᠢᠳᠠᠯ ᠤᠨ ᠲᠤᠰᠠᠭᠠᠷᠯᠠᠬᠤ ᠶᠣᠰᠣᠲᠠᠢ ᠶᠢ ᠪᠦᠬᠦᠨ ᠢ ᠲᠦᠷᠭᠡᠨ ᠲᠤᠰᠠᠭᠠᠷᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠷᠢᠨ ᠬᠢᠨᠠᠮᠠᠭᠠᠢ ᠲᠦᠷᠦᠯ ᠬᠤᠪᠢᠶᠠᠨ ᠬᠠᠮᠢᠶᠠᠷᠤᠨ ᠡᠵᠡᠮᠳᠡᠵᠦ᠂ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠢ ᠦᠨᠡᠨᠬᠦ ᠲᠠᠰᠤᠯᠬᠤ ᠬᠡᠷᠡᠭᠲᠡᠢ᠃ ᠡᠵᠡᠩᠨᠡᠯᠲᠡ ᠪᠠᠨ ᠰᠡᠷᠭᠦᠭᠡᠭᠰᠡᠨ ︽ᠨᠢᠭᠡ ᠬᠡᠲᠦ ᠲᠠᠪᠤᠨ ᠳᠡᠯᠭᠡᠭᠦᠷ ︾ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠭᠴᠢᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠺᠣᠳ᠋ ᠰᠢᠷᠪᠢᠬᠦ᠂ ᠪᠥᠭᠡᠮᠨᠡᠷᠡᠬᠦ ᠦᠭᠡᠢ᠂ ᠬᠦᠷᠦᠯᠴᠡᠬᠦ ᠦᠭᠡᠢ ᠪᠠᠷ ᠪᠠᠷᠠᠭ᠎ᠠ ᠬᠤᠳᠠᠯᠳᠤᠨ ᠠᠪᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠡᠶᠢᠭᠡᠮ ᠤᠨ ᠥᠩᠭᠡᠨ ᠲᠠᠯ᠎ᠠ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠳᠠᠬᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠬᠦᠢᠲᠡᠨ ᠠᠴᠠ ᠰᠡᠷᠭᠡᠶᠢᠯᠡᠨ ᠳᠤᠯᠠᠭᠠᠨ ᠢ ᠬᠠᠮᠠᠭᠠᠯᠠᠬᠤ᠂ ᠵᠢᠵᠢᠭᠦᠷᠯᠡᠨ ᠰᠠᠬᠢᠬᠤ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠦᠩ᠂ ᠼᠤᠤ ᠰᠧ ᠶᠠᠩ ᠨᠠᠷ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号