ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠳᠡᠳ᠋ ᠳᠠᠷᠤᠭ᠎ᠠ | ᠠᠵᠢᠯ ᠤᠨ ᠬᠤᠪᠢᠶᠠᠷᠢᠯᠠᠯ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠡᠳ᠋ ᠤᠨ | ᠵᠠᠰᠠᠭ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠮᠥᠩᠭᠦᠨ ᠭᠦᠢᠯᠭᠡᠭᠡᠨ᠂ | ᠭᠠᠶᠢᠯᠢ ᠶᠢᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ︵ᠠᠳᠠᠯ | ᠠᠬᠤᠶ ᠶᠢᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠲᠠ ᠶᠢᠨ ᠶᠠᠪᠤᠳᠠᠯ ᠤᠨ ᠪᠥᠲᠥᠭᠡᠨ | ᠪᠠᠶᠢᠭᠤᠯᠤᠯᠲᠠ ᠶᠢᠨ ᠦᠢᠯᠡᠴᠢᠯᠡᠭᠡ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠪᠠ ᠭᠠᠵᠠᠷ ᠰᠢᠷᠣᠶ ᠶᠢᠨ | ᠬᠠᠮᠢᠶᠠᠷᠤᠯᠲᠠ ᠠᠰᠢᠭᠯᠠᠯᠲᠠ᠂ ᠣᠷᠣᠨ ᠰᠠᠭᠤᠴᠠ ᠶᠢᠨ ᠪᠠᠲᠤᠯᠠᠭ᠎ᠠ︶᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ | ᠠᠭᠠᠷ ᠤᠨ ᠰᠡᠷᠭᠡᠶᠢᠯᠡᠯᠲᠡ᠂ ᠭᠠᠯ ᠤᠨᠲᠠᠷᠠᠭᠠᠬᠤ᠂ ᠬᠢᠯᠢ ᠶᠢᠨ ᠪᠣᠭᠤᠮᠲᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠬᠥᠭᠵᠢᠯᠲᠡ ᠶᠢ ᠠᠬᠢᠭᠤᠯᠬᠤ ᠲᠥᠪ᠂ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ | ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠪᠠᠯᠠ ᠣᠷᠣᠭᠤᠯᠤᠯᠲᠠ ᠶᠢ | ᠠᠬᠢᠭᠤᠯᠬᠤ ᠲᠥᠪ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ︶᠂ ᠭᠠᠯ ᠤᠨᠲᠠᠷᠠᠭᠠᠬᠤ ᠶᠡᠭᠡ ᠠᠩᠭᠢ ᠃ | ᠬᠠᠷᠢᠯᠴᠠᠬᠤ᠄ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ | ᠨᠠᠮ ᠤᠨ ᠰᠤᠷᠭᠠᠭᠤᠯᠢ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠰᠠᠶᠢᠬᠠᠨ | ᠲᠣᠭᠤᠷᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠲᠤ ᠰᠠᠭᠤᠭ᠎ᠠ ᠡᠯ᠎ᠡ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠰᠠᠶᠢᠬᠠᠨ ᠪᠣᠭᠤᠮᠲᠠ᠂ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠴᠠᠬᠢᠯᠭᠠᠨ ᠬᠠᠩᠭᠠᠬᠤ ᠲᠣᠪᠴᠢᠶ᠎ᠠ᠃ | ᠳᠠᠭᠠᠭᠠᠴᠢᠯᠠᠨ ᠬᠠᠷᠢᠯᠴᠠᠬᠤ᠄ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ | ᠨᠠᠮᠲᠠᠷ᠄ | ᠶᠦᠨ ᠵᠢᠶᠠᠨ ᠭᠥᠸᠧ᠂ ᠡᠷᠡᠭᠲᠡᠢ᠂ ᠮᠣᠩᠭᠤᠯ ᠦᠨᠳᠦᠰᠦᠲᠡᠨ᠂ ᠬᠥᠬᠡᠬᠤᠲᠠ ᠶᠢᠨ ᠬᠥᠮᠥᠨ᠂ 1976 | ᠣᠨ ᠤ 4 ᠳ᠋ᠦ᠋ᠭᠡᠷ ᠰᠠᠷ᠎ᠠ ᠳᠤ ᠲᠥᠷᠥᠪᠡ᠃ 1995 ᠣᠨ ᠤ 2 ᠳ᠋ᠤᠭᠠᠷ ᠰᠠᠷ᠎ᠠ ᠳᠤ ᠠᠵᠢᠯ ᠤᠨ ᠪᠠᠶᠢᠷᠢᠨ ᠳᠤ | ᠭᠠᠷᠴᠤ᠂ 1998 ᠣᠨ ᠤ 6 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ | ᠰᠤᠳᠤᠯᠬᠤ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠲᠠᠢ᠃ | |