︵ᠰᠤᠷᠪᠤᠯᠵᠢᠯᠠᠭᠴᠢ ᠯᠢᠶᠠᠩ ᠵᠢᠩ ᠱᠤ᠋︶ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ | ᠪᠠᠲᠤᠯᠠᠬᠤ ᠶᠢᠨ ᠲᠤᠰᠠᠳᠠ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠤ ᠡᠮᠨᠡᠯᠭᠡ ᠶᠢᠨ | ᠬᠤᠷᠢᠶ᠎ᠠ ᠵᠢᠩᠬᠢᠨᠢ ᠪᠠᠷ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠶᠢᠨ ᠰᠦᠯᠵᠢᠶᠡᠨ | ᠳᠡᠭᠡᠷ᠎ᠡ ᠠᠰᠠᠭᠤᠨ ᠣᠨᠣᠰᠢᠯᠠᠬᠤ ᠵᠠᠮ ᠭᠠᠷᠭᠠᠪᠠ᠃ | ᠣᠶᠢᠯᠠᠭᠠᠭᠰᠠᠨ ᠢᠶᠠᠷ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠳᠤ | ᠳᠣᠲᠣᠷ ᠰᠠᠯᠠᠭ᠎ᠠ᠂ ᠬᠡᠦᠬᠡᠳ ᠤᠨ ᠰᠠᠯᠠᠭ᠎ᠠ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠤ ᠰᠠᠯᠠᠭ᠎ᠠ᠂ ᠬᠢᠲᠠᠳ | ᠡᠮᠨᠡᠯᠭᠡ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠰᠠᠯᠠᠭ᠎ᠠ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠬᠤ | ᠰᠠᠯᠠᠭ᠎ᠠ᠂ ᠲᠦᠷᠭᠡᠨ ᠡᠮᠨᠡᠬᠦ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠨᠢᠷᠠᠢ ᠬᠡᠦᠬᠡᠳ ᠤᠨ ᠰᠠᠯᠠᠭ᠎ᠠ᠂ ᠬᠡᠦᠬᠡᠳ ᠤᠨ | ᠡᠷᠡᠭᠦᠯᠵᠢᠯ ᠤᠨ ᠰᠠᠯᠠᠭᠠᠨ ᠤ ᠡᠮᠴᠢ ᠨᠠᠷ ᠠᠴᠠ ᠥᠷᠭᠡᠨ ᠣᠯᠠᠨ ᠡᠪᠡᠳᠴᠢᠲᠡᠨ ᠳᠤ ᠦᠢᠯᠡᠴᠢᠯᠡᠨ᠎ᠡ᠃ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠭᠤᠣᠯᠳᠠᠭᠤ ᠰᠦᠯᠵᠢᠶᠡᠨ | ᠳᠡᠭᠡᠷᠡᠬᠢ ᠡᠷᠡᠭᠦᠯ ᠮᠡᠨᠳᠦ ᠶᠢᠨ ᠦᠨᠡᠯᠡᠯᠲᠡ᠂ ᠭᠡᠷ ᠪᠦᠯᠢ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠡᠷᠡᠭᠦᠯ | ᠮᠡᠨᠳᠦ ᠶᠢᠨ ᠤᠬᠠᠭᠤᠯᠭ᠎ᠠ ᠬᠥᠮᠦᠵᠢᠯ᠂ ᠰᠡᠳᠬᠢᠴᠡ ᠶᠢᠨ ᠵᠢᠯᠣᠭᠤᠳᠤᠯᠭ᠎ᠠ᠂ ᠡᠮ ᠲᠣᠬᠢᠷᠠᠭᠤᠯᠤᠨ ᠬᠦᠷᠭᠡᠬᠦ ᠵᠡᠷᠭᠡ | ᠦᠢᠯᠡᠴᠢᠯᠡᠭᠡ ᠬᠠᠩᠭᠠᠨ᠎ᠠ᠃ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠰᠢᠨᠵᠢ ᠲᠡᠮᠳᠡᠭ ᠲᠠᠢ᠂ | ᠲᠦᠷ ᠴᠠᠭ ᠪᠠᠴᠢᠮ ᠡᠮᠨᠡᠭᠦᠯᠬᠦ ᠱᠠᠭᠠᠷᠳᠠᠯᠭ᠎ᠠ ᠦᠭᠡᠢ ᠬᠥᠮᠥᠰ︔ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠡᠪᠡᠳᠴᠢᠨ ᠤ ᠢᠯᠡᠷᠡᠯ ᠦᠭᠡᠢ ᠡᠪᠡᠳᠴᠢᠲᠡᠨ᠂ ᠬᠥᠩᠭᠡᠨ ᠡᠪᠡᠳᠴᠢᠲᠡᠨ᠂ ᠣᠶᠢᠷ᠎ᠠ ᠬᠠᠪᠢᠳᠠᠯ | ᠴᠥᠮ ᠰᠦᠯᠵᠢᠶᠡᠨ ᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ︾ ᠪᠠᠷ ᠠᠰᠠᠭᠤᠨ | ᠣᠨᠣᠰᠢᠯᠠᠵᠤ ᠪᠣᠯᠣᠨ᠎ᠠ᠃ ᠬᠤᠲᠠ ᠶᠢᠨ ᠠᠷᠠᠳ ᠸᠢᠴᠠᠲ ᠤᠨ ᠵᠢᠵᠢᠭ ᠫᠷᠣᠭ᠍ᠷᠠᠮ ᠠᠴᠠ ︽ᠬᠥᠬᠡᠬᠤᠲᠠ ᠶᠢᠨ | ᠨᠢᠭᠡᠳᠦᠭᠡᠷ ᠡᠮᠨᠡᠯᠭᠡ ᠶᠢᠨ ᠬᠤᠷᠢᠶ᠎ᠠ︾ ᠶᠢ ᠡᠷᠢᠨ ᠣᠯᠵᠤ᠂ ᠲᠡᠷᠢᠭᠦᠨ ᠨᠢᠭᠤᠷ ᠲᠠᠬᠢ ︽ᠰᠦᠯᠵᠢᠶᠡᠨ ᠳᠡᠭᠡᠷᠡᠬᠢ | ᠣᠨᠣᠰᠢᠯᠠᠯᠲᠠ︾ ᠶᠢ ᠲᠣᠪᠴᠢᠳᠠᠨ᠂ ᠬᠠᠷᠠᠭᠠᠯᠵᠠᠭᠰᠠᠨ ᠰᠠᠯᠠᠭ᠎ᠠ ᠲᠠᠰᠤᠭ᠂ ᠡᠮᠴᠢ ᠶᠢ ᠰᠣᠩᠭᠤᠵᠤ᠂ ᠵᠢᠷᠤᠭ | ᠥᠰᠥᠭ᠂ ᠦᠭᠡ ᠠᠪᠢᠶ᠎ᠠ᠂ ᠸᠢᠳᠢᠤ᠋ ᠮᠠᠶ᠋ᠢᠭ ᠢᠶᠠᠷ ᠠᠰᠠᠭᠤᠨ ᠣᠨᠣᠰᠢᠯᠠᠭᠤᠯᠬᠤ ᠪᠠ ᠡᠮ ᠤᠨ ᠵᠣᠷ ᠠᠪᠴᠤ ᠪᠣᠯᠣᠨ᠎ᠠ᠃ | | ᠡᠮᠴᠢᠯᠡᠬᠦ ᠴᠠᠭ᠄ 8:00-12:00᠂ 14:30-17:30᠃ |