︽ᠬᠠᠶᠢᠷ᠎ᠠ ᠪᠠᠷ ᠳᠤᠯᠠᠭᠠᠯᠠᠬᠤ ᠬᠥᠬᠡ ᠬᠤᠲᠠ ︱ ᠡᠷᠡᠭᠦᠯ ᠮᠡᠨᠳᠤ ᠶᠢ ᠠᠶᠢᠯ ᠪᠦᠬᠦᠨ ᠳᠤ ᠬᠦᠷᠭᠡᠬᠦ︾ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/12/20
ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠨ ᠲᠠᠢ 1.5 ᠲᠦᠮᠡᠨ ᠶᠠᠳᠠᠭᠤ ᠬᠦᠴᠢᠷᠳᠡᠯᠲᠡᠢ ᠭᠡᠷ ᠪᠦᠯᠢ ︽ᠡᠷᠡᠭᠦᠯ ᠮᠡᠨᠳᠦ ᠶᠢᠨ ᠪᠡᠯᠡᠭ︾ ᠲᠣᠰᠪᠠ     ︵ᠰᠤᠷᠪᠤᠯᠵᠢᠯᠠᠭᠴᠢ ᠯᠢᠶᠠᠩ ᠵᠢᠩ ᠱᠤ᠋ ᠿᠦᠸᠧ ᠭᠦ᠋︶ 12 ᠳ᠋ᠤᠭᠠᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ︽ᠬᠠᠶᠢᠷ᠎ᠠ ᠪᠠᠷ ᠳᠤᠯᠠᠭᠠᠯᠠᠬᠤ ᠬᠥᠬᠡ ᠬᠤᠲᠠ ︱ ᠡᠷᠡᠭᠦᠯ ᠮᠡᠨᠳᠤ ᠶᠢ ᠠᠶᠢᠯ ᠪᠦᠬᠦᠨ ᠳᠤ ᠬᠦᠷᠭᠡᠬᠦ  ︾ ᠠᠵᠢᠯᠯᠠᠭ᠎ᠠ ᠶᠢᠨ ᠡᠬᠢᠯᠡᠬᠦ ᠶᠣᠰᠣᠯᠠᠯ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠲᠠ ᠶᠢᠨ ᠭᠡᠷ ᠲᠡᠭᠡᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠨ ᠲᠠᠢ 1.5 ᠲᠦᠮᠡᠨ ᠶᠠᠳᠠᠭᠤ ᠬᠦᠴᠢᠷᠳᠡᠯᠲᠡᠢ ᠭᠡᠷ ᠪᠦᠯᠢ ᠳᠤ ᠬᠤᠶᠠᠷ ᠪᠦᠯᠦᠭ ᠬᠤᠪᠢᠶᠠᠨ ︽ᠡᠷᠡᠭᠦᠯ ᠮᠡᠨᠳᠦ ᠶᠢᠨ ᠪᠡᠯᠡᠭ︾ ︵N95 ᠠᠮᠠᠪᠴᠢ᠂ ᠭᠠᠷ ᠠᠷᠢᠭᠤᠳᠬᠠᠯ ᠵᠢᠴᠢ ᠬᠠᠯᠠᠭᠤᠨ ᠢ ᠪᠠᠭᠤᠷᠠᠭᠤᠯᠬᠤ᠂ ᠬᠢᠮᠤᠷᠠᠭ᠎ᠠ᠂ ᠬᠠᠯᠠᠭᠤᠨ ᠢ ᠳᠠᠷᠤᠵᠤ ᠬᠤᠣᠷ ᠲᠠᠶᠢᠯᠬᠤ ᠵᠡᠷᠭᠡ ᠪᠠᠶᠢᠩᠭᠤ ᠬᠡᠷᠡᠭᠯᠡᠬᠦ ᠡᠮ ᠪᠠᠭᠲᠠᠪᠠ︶ ᠲᠦᠭᠡᠭᠡᠵᠦ᠂ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠬᠦ ᠳᠤ ᠲᠤᠰᠠ ᠪᠣᠯᠭᠠᠵᠠᠢ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠡᠲᠡᠭᠡᠳ ᠢ ᠡᠯ᠎ᠡ ᠬᠤᠰᠢᠭᠤ ᠰᠢᠶᠠᠨ ᠲᠣᠭᠤᠷᠢᠭ ᠠᠴᠠ ᠣᠨᠴᠠᠭᠠᠶ ᠬᠦᠴᠢᠷᠳᠡᠯ ᠲᠠᠢ ᠭᠡᠷ ᠪᠦᠯᠢ ᠶᠢ ᠠᠪᠤᠷᠠᠨ ᠲᠤᠰᠠᠯᠠᠬᠤ ᠶᠠᠪᠤᠴᠠ ᠶᠢ ᠴᠢᠩᠭ᠎ᠠ ᠵᠢᠷᠤᠮᠯᠠᠨ ᠰᠢᠯᠢᠨ ᠰᠣᠩᠭᠤᠵᠤ᠂ ᠬᠢᠨᠠᠨ ᠬᠠᠷᠭᠤᠭᠤᠯᠵᠤ᠂ ᠨᠢᠭᠡ ᠠᠶᠢᠯ ᠳᠤ ᠨᠢᠭᠡ ᠲᠠᠩᠰᠠ ᠬᠢᠵᠦ᠂ ᠲᠦᠷᠭᠡᠨ ᠲᠠᠷᠬᠠᠭᠠᠵᠤ᠂ ︽ᠡᠷᠡᠭᠦᠯ ᠮᠡᠨᠳᠦ ᠶᠢᠨ ᠬᠠᠯᠠᠮᠵᠢ ᠶᠢᠨ ᠪᠡᠯᠡᠭ︾ ᠢ ᠬᠠᠮᠤᠭ ᠤᠨ ᠠᠮᠠᠷᠬᠠᠨ ᠨᠥᠯᠥᠭᠡᠯᠡᠭᠳᠡᠬᠦ ᠬᠦᠴᠢᠷᠳᠡᠯ ᠲᠠᠢ ᠣᠯᠠᠨ ᠲᠦᠮᠡᠨ ᠤ ᠭᠠᠷ ᠲᠤ ᠦᠨᠡᠨ ᠬᠦ ᠬᠦᠷᠭᠡᠵᠦ᠂ ᠬᠠᠬᠢᠷ ᠡᠪᠦᠯ ᠳᠤ ᠰᠡᠳᠬᠢᠯ ᠢ ᠨᠢ ᠳᠤᠯᠠᠭᠠᠴᠠᠭᠤᠯᠤᠨ᠂ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠨ ᠬᠢᠬᠦ ᠳᠤ ᠬᠠᠶᠢᠷ᠎ᠠ ᠬᠠᠯᠠᠮᠵᠢ ᠬᠦᠷᠲᠡᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号