ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶ ᠶᠢᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/12/22
      ᠬᠦᠬᠡᠬᠤᠲᠠ ᠵᠠᠰᠠᠭ ᠲᠠᠷᠬᠠᠭᠠᠭᠰᠠᠨ〔2022〕36 ᠳ᠋ᠤᠭᠠᠷ ᠲᠣᠭᠠᠲᠤ       2022 ᠣᠨ ᠤ 7ᠳ᠋ᠤᠭᠠᠷ  ᠰᠠᠷ᠎ᠠ ᠶᠢᠨ 15 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠬᠤᠲᠠ ᠶᠢᠨ ᠳᠠᠷᠤᠭ᠎ᠠ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠰᠢᠨ ᠨᠣᠭᠤᠭ᠎ᠠ ᠳᠠᠷᠢᠵᠤ ᠡᠵᠡᠩᠨᠡᠬᠦ ᠡᠷᠦᠬᠡ ᠶᠢᠨ ᠦᠢᠯᠡᠳᠪᠦᠷᠢᠯᠡᠯ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠤᠰᠠᠳᠠ᠂ ᠡᠳᠦᠭᠡ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠯᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶ ᠶᠢ ᠳᠣᠤᠷᠠᠬᠢ ᠮᠡᠲᠦ ᠮᠡᠳᠡᠭᠳᠡᠪᠡ᠃      ᠨᠢᠭᠡ᠂ ᠰᠢᠨ᠎ᠡ ᠪᠠᠷ ᠪᠠᠶᠢᠭᠤᠯᠤᠭᠰᠠᠨ ᠬᠦᠯᠡᠮᠵᠢ ᠶᠢᠨ ᠨᠥᠬᠦᠪᠥᠷᠢ᠃ 50 ᠮᠥ ᠠᠴᠠ ᠳᠡᠭᠡᠭᠰᠢᠬᠢ ᠴᠡᠪᠡᠷ ᠳᠠᠷᠢᠬᠤ ᠲᠠᠯᠠᠪᠠᠶ ᠲᠠᠢ ᠬᠦᠯᠡᠮᠵᠢ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠳᠠᠷᠢᠬᠤ ᠨᠥᠬᠦᠴᠡᠯ ᠳᠤ ᠬᠥᠷᠦᠭᠰᠡᠨ ᠪᠥᠭᠡᠳ ᠨᠢᠭᠡᠨᠲᠡ ᠢᠳᠡᠰᠢᠨ ᠨᠣᠭᠤᠭ᠎ᠠ ᠳᠠᠷᠢᠭᠰᠠᠨ ᠪᠠᠶᠢᠪᠠᠯ᠂ ᠪᠥᠲᠥᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠳᠤ 4 ᠲᠦᠮᠡᠨ ᠲᠥᠭᠦᠷᠢᠭ / ᠮᠥ ᠶᠢᠨ ᠨᠥᠬᠦᠪᠥᠷᠢ ᠣᠯᠭᠤᠨ᠎ᠠ ᠃ ᠡᠭᠦᠨ ᠳᠤ ᠬᠤᠲᠠ ᠶᠢᠨ ᠲᠣᠰ ᠱᠠᠲᠤᠨ ᠤ ᠨᠥᠬᠦᠪᠥᠷᠢ 3 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠨᠥᠬᠦᠪᠥᠷᠢ 1 ᠲᠦᠮᠡᠨ ᠲᠥᠭᠦᠷᠢᠭ ᠪᠣᠯᠤᠨ᠎ᠠ᠃ ︵ᠬᠠᠷᠢᠭᠤᠴᠠᠯᠭᠠᠲᠤ ᠨᠢᠭᠡᠴᠡ ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2023 ᠣᠨ︶      ᠬᠤᠶᠠᠷ᠂ ᠬᠦᠯᠡᠮᠵᠢ ᠶᠢ ᠰᠡᠯᠪᠢᠨ ᠵᠠᠰᠠᠬᠤ ᠨᠥᠬᠦᠪᠥᠷᠢ᠃ 10 ᠮᠥ ᠠᠴᠠ ᠳᠡᠭᠡᠭᠰᠢᠬᠢ ᠳᠠᠷᠢᠬᠤ ᠲᠠᠯᠠᠪᠠᠶ ᠲᠠᠢ ᠬᠦᠯᠡᠮᠵᠢ ᠶᠢᠨ ᠰᠠᠭᠤᠷᠢᠨ ᠭᠠᠵᠠᠷ ᠢ ᠰᠡᠯᠪᠢᠨ ᠵᠠᠰᠠᠵᠤ ᠴᠡᠪᠡᠷᠯᠡᠭᠡᠳ ᠳᠠᠷᠢᠬᠤ ᠨᠥᠬᠦᠴᠡᠯ ᠳᠤ ᠬᠥᠷᠦᠭᠰᠡᠨ ᠮᠥᠷᠲᠡᠭᠡᠨ ᠨᠢᠭᠡᠨᠲᠡ ᠳᠠᠷᠢᠭᠰᠠᠨ ᠢᠳᠡᠰᠢᠨ ᠨᠣᠭᠤᠭ᠎ᠠ ᠶᠢ ᠲᠤᠷᠰᠢᠨ ᠬᠤᠷᠢᠶᠠᠭᠰᠠᠨ ᠪᠠᠶᠢᠪᠠᠯ᠂ ᠰᠡᠯᠪᠢᠨ ᠵᠠᠰᠠᠵᠤ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠳᠤ 1.5 ᠲᠦᠮᠡᠨ ᠲᠥᠭᠦᠷᠢᠭ / ᠮᠥ ᠶᠢᠨ ᠨᠥᠬᠦᠪᠥᠷᠢ ᠣᠯᠭᠤᠨ᠎ᠠ᠃ ᠡᠭᠦᠨ ᠳᠤ ᠬᠤᠲᠠ ᠶᠢᠨ ᠲᠣᠰ ᠱᠠᠲᠤᠨ ᠤ ᠨᠥᠬᠦᠪᠥᠷᠢ 1 ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠨᠥᠬᠦᠪᠥᠷᠢ 0.5 ᠲᠦᠮᠡᠨ ᠲᠥᠭᠦᠷᠢᠭ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2023 ᠣᠨ︶      ᠭᠤᠷᠪᠠ᠂ ᠲᠠᠷᠢᠮᠠᠯ ᠤᠨ ᠨᠥᠬᠦᠪᠥᠷᠢ᠃ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠴᠡᠪᠡᠷ ᠳᠠᠷᠢᠬᠤ 50 ᠮᠥ ᠠᠴᠠ ᠳᠡᠭᠡᠭᠰᠢᠬᠢ ᠳᠠᠷᠢᠵᠤ ᠡᠵᠡᠩᠨᠡᠬᠦ ᠭᠤᠤᠯ ᠴᠣᠭᠴᠠ ᠳᠤ ᠵᠢᠮᠢᠰ ᠤᠨ ᠲᠥᠷᠥᠯ ᠤᠨ ᠨᠣᠭᠤᠭ᠎ᠠ ᠳᠤ ᠮᠥ ᠪᠦᠷᠢ ᠳᠤ 2000 ᠲᠥᠭᠦᠷᠢᠭ ᠤᠨ ᠨᠥᠬᠦᠪᠥᠷᠢ ᠣᠯᠭᠤᠨ᠎ᠠ︔ ᠨᠠᠪᠴᠢᠨ ᠤ ᠲᠥᠷᠥᠯ᠂ ᠦᠨᠳᠦᠰᠦᠯᠢᠭ ᠡᠰᠢᠨ ᠤ ᠲᠥᠷᠥᠯ᠂ ᠢᠳᠡᠰᠢᠨ ᠤ ᠮᠥᠭᠦ ᠶᠢᠨ ᠲᠥᠷᠥᠯ ᠳᠤ 500 ᠲᠥᠭᠦᠷᠢᠭ \ ᠮᠥ ᠳᠤ ᠨᠥᠬᠦᠪᠥᠷᠢ ᠥᠭᠭᠦᠨ᠎ᠡ᠃ ᠵᠠᠳᠠᠭᠠᠶ ᠭᠠᠵᠠᠷ ᠤᠨ ᠨᠣᠭᠤᠭ᠎ᠠ ᠶᠢ ᠵᠠᠰᠠᠭ ᠵᠠᠬᠢᠷᠭᠠᠨ ᠤ ᠲᠣᠰᠬᠤᠨ ᠢᠶᠠᠷ ᠨᠢᠭᠡᠴᠢ ᠪᠣᠯᠭᠠᠨ ᠲᠥᠪᠯᠡᠷᠡᠭᠦᠯᠦᠨ ᠵᠠᠯᠭᠠᠯᠳᠤᠭᠤᠯᠤᠨ 100 ᠮᠥ ᠠᠴᠠ ᠳᠡᠭᠡᠭᠰᠢ ᠳᠠᠷᠢᠵᠤ ᠪᠠᠶᠢᠭ᠎ᠠ ᠳᠠᠷᠢᠵᠤ ᠡᠵᠡᠩᠨᠡᠬᠦ ᠭᠤᠤᠯ ᠴᠣᠭᠴᠠ ᠳᠤ 400 ᠲᠥᠭᠦᠷᠢᠭ ᠤᠨ / ᠮᠥ ᠶᠢᠨ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2025 ᠣᠨ︶      ᠲᠦᠷᠪᠡ᠂ ᠴᠢᠬᠢ ᠪᠤᠶᠢᠵᠢᠭᠤᠯᠬᠤ ᠨᠥᠬᠦᠪᠥᠷᠢ᠃ ᠲᠤᠰᠬᠠᠶᠢᠵᠢᠭᠰᠠᠨ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠡᠵᠡᠩᠨᠡᠯᠲᠡ ᠶᠢᠨ ᠭᠤᠤᠯ ᠴᠣᠭᠴᠠ ᠶᠢᠨ ᠵᠢᠯ ᠤᠨ ᠴᠢᠬᠢ ᠪᠣᠷᠣᠯᠠᠭᠤᠯᠤᠭᠰᠠᠨ ᠬᠡᠮᠵᠢᠶ᠎ᠡ ᠨᠢ 400 ᠲᠦᠮᠡᠨ ᠰᠠᠭᠤᠷᠢ ᠠᠴᠠ ᠳᠡᠭᠡᠭᠰᠢ ᠪᠠᠶᠢᠪᠠᠯ 30 ᠲᠦᠮᠡᠨ ᠲᠥᠭᠦᠷᠢᠭ ᠨᠥᠬᠦᠪᠥᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2025 ᠣᠨ︶      ᠲᠠᠪᠤ᠂ ᠴᠢᠨᠠᠷ ᠰᠠᠶᠢᠲᠠᠶ ᠨᠠᠷᠠᠲᠤ ᠲᠥᠷᠥᠯ ᠲᠡᠮᠳᠡᠭᠲᠦ ᠶᠢ ᠱᠠᠩᠨᠠᠨ᠎ᠠ᠃ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢᠶᠠᠷ ᠠᠮᠵᠢᠯᠲᠠ ᠲᠠᠢ ᠪᠠᠷ ᠭᠡᠷᠡᠴᠢᠯᠡᠨ ᠮᠠᠭᠠᠳᠯᠠᠭᠰᠠᠨ ᠢᠳᠡᠰᠢᠨ ᠨᠣᠭᠤᠭᠠᠨ ᠤ ᠪᠦᠲᠦᠭᠡᠭᠳᠡᠬᠦᠨ ᠳᠤ ᠭᠡᠷᠡᠴᠢᠯᠡᠨ ᠮᠠᠭᠠᠳᠯᠠᠭᠰᠠᠨ ᠭᠤᠤᠯ ᠴᠣᠭᠴᠠ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ 5000 ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠡᠷᠡᠭᠵᠢᠭᠦᠯᠬᠦ ᠴᠠᠭ᠄ 2022 ᠣᠨ — 2025 ᠣᠨ︶      ᠵᠢᠷᠭᠤᠭ᠎ᠠ᠂ ᠳᠠᠷᠢᠵᠤ ᠡᠵᠡᠩᠨᠡᠬᠦ ᠡᠷᠦᠬᠡ ᠶᠢᠨ ᠡᠷᠬᠡ ᠠᠰᠢᠭ ᠢ ᠪᠠᠲᠤᠯᠠᠨ᠎ᠠ᠃ ᠭᠠᠳᠠᠷ ᠣᠷᠣᠨ ᠠᠴᠠ ᠬᠥᠬᠡᠬᠤᠲᠠ ᠳᠤ ᠢᠷᠡᠵᠦ ᠢᠳᠡᠰᠢᠨ ᠨᠣᠭᠤᠭ᠎ᠠ ᠳᠠᠷᠢᠵᠤ ᠡᠵᠡᠩᠨᠡᠬᠦ ᠡᠷᠦᠬᠡ ᠬᠠᠭᠠᠰ ᠵᠢᠯ ᠠᠴᠠ ᠳᠡᠭᠡᠭᠰᠢ ᠰᠠᠭᠤᠪᠠᠯ ᠣᠲᠣ ᠶᠢᠨ ᠰᠠᠭᠤᠭ᠎ᠠ ᠭᠠᠵᠠᠷ ︵ᠬᠦᠯᠡᠮᠵᠢ ᠶᠢᠨ ᠴᠢᠬᠢᠨ ᠬᠡᠷ ᠢ ᠣᠲᠣ ᠶᠢᠨ ᠰᠠᠭᠤᠭ᠎ᠠ ᠭᠠᠵᠠᠷ ᠢᠶᠠᠷ ᠦᠵᠡᠨ᠎ᠡ︶ ᠤᠨ ᠲᠣᠭᠲᠠᠭᠠᠯ ᠶᠣᠰᠣᠭᠠᠷ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠪᠤᠶᠤ ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠬᠢᠵᠦ ᠪᠣᠯᠤᠨ᠎ᠠ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠤᠶᠤ ᠠᠮᠢᠳᠤᠯᠢᠭ ᠢᠶᠠᠷ ᠠᠵᠢᠯ ᠣᠯᠤᠭᠰᠠᠳ ᠢᠶᠠᠷ ᠯᠠᠪᠯᠠᠯᠲᠠ ᠪᠣᠯᠭᠠᠨ ᠮᠠᠨ ᠤ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ ᠪᠣᠯᠤᠨ᠎ᠠ︔ ᠲᠡᠳᠡᠨ ᠤ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ︾ ᠵᠠᠷᠴᠢᠮ ᠢ ᠵᠢᠷᠤᠮᠯᠠᠨ᠂ ᠬᠤᠰᠢᠭᠤ ᠰᠢᠶᠠᠨ ᠲᠣᠭᠤᠷᠢᠭ ᠠᠴᠠ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠲᠣᠰ ᠲᠠᠭᠠᠨ ᠬᠠᠷᠢᠭᠤᠴᠠᠨ᠎ᠠ︶      ᠲᠤᠯᠤᠭ᠎ᠠ᠂ ᠵᠠᠳᠠᠭᠠᠶ ᠭᠠᠵᠠᠷ ᠤᠨ ᠨᠣᠭᠤᠭ᠎ᠠ ᠲᠠᠷᠢᠬᠤ ᠳᠠᠭᠠᠳᠬᠠᠯ᠃ ᠰᠠᠶᠢᠬᠠᠨ ᠲᠣᠭᠤᠷᠢᠭ ᠲᠤ ᠲᠤᠷᠰᠢᠯᠲᠠ ᠬᠢᠭᠰᠡᠨ ᠰᠠᠭᠤᠷᠢᠨ ᠳᠡᠭᠡᠷ᠎ᠡ ᠪᠥᠬᠦ ᠬᠤᠲᠠ ᠳᠤ ᠵᠠᠳᠠᠭᠠᠶ ᠭᠠᠵᠠᠷ ᠤᠨ ᠨᠣᠭᠤᠭ᠎ᠠ ᠳᠠᠷᠢᠬᠤ ᠳᠠᠭᠠᠳᠬᠠᠯ ᠤᠨ ᠨᠥᠬᠦᠪᠥᠷᠢ ᠶᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠡᠷᠡᠭᠵᠢᠭᠦᠯᠬᠦ ᠴᠠᠭ᠄ 2023 ᠣᠨ — 2025 ᠣᠨ︶      ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃ ︽ᠬᠥᠬᠡᠬᠤᠲᠠ ᠶᠢᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠬᠥᠬᠡᠬᠤᠲᠠ ᠵᠠᠰᠠᠭ ᠲᠠᠷᠬᠠᠭᠠᠭᠰᠠᠨ ︹ 2020 ︺ 29 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号