ᠬᠥᠬᠡᠬᠤᠲᠠ ᠶᠢᠨ 2022 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/12/22
            ᠬᠦᠬᠡᠬᠤᠲᠠ ᠵᠠᠰᠠᠭ ᠠᠯᠪᠠᠨ ᠲᠠᠷᠬᠠᠭᠠᠭᠰᠠᠨ  ﹇2022  ﹈ 42 ᠳ᠋ᠤᠭᠠᠷ ᠲᠤᠭᠠᠲᠤ             2022 ᠤᠨ ᠤ 7 ᠳ᠋ᠤᠭᠠᠷ ᠰᠠᠷ᠎ᠠ ᠶᠢᠨ 12 ᠤᠨ ᠡᠳᠦᠷ    ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ︽ᠬᠥᠬᠡᠬᠤᠲᠠ ᠶᠢᠨ 2022 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃            ᠬᠥᠬᠡᠬᠤᠲᠠ ᠶᠢᠨ 2022 ᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ          2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃          ᠨᠢᠭᠡ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ      ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠥᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠡᠯ᠎ᠡ ᠱᠠᠲᠤᠨ ᠤ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃      ︵ᠬᠤᠶᠠᠷ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠬᠥᠬᠡᠬᠤᠲᠠ ᠶᠢᠨ ︿ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶﹀ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠤᠨ ᠶᠣᠰᠣᠭᠠᠷ᠂ ᠭᠤᠤᠯᠳᠠᠯᠭ᠎ᠠ ᠲᠠᠢ ᠠᠭᠤᠯᠭ᠎ᠠ ᠶᠢ ᠣᠨ ᠤ ᠦᠨᠡᠯᠡᠨ ᠰᠢᠯᠭᠠᠬᠤ ᠪᠠ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠡᠭᠦᠷᠭᠡ ᠶᠢ ᠨᠠᠷᠢᠯᠢᠭ ᠣᠨᠣᠴᠠᠲᠠᠶ ᠪᠠᠷ ᠤᠨᠤᠪᠴᠢᠲᠠᠢ ᠨᠠᠶᠢᠳᠠᠪᠤᠷᠢᠵᠢᠭᠤᠯᠤᠨ᠎ᠠ᠃      ︵ᠭᠤᠷᠪᠠ︶ ᠬᠠᠥᠯᠢᠵᠢᠯ ᠤᠨ ᠵᠠᠰᠠᠭ ᠤᠨ ᠣᠷᠳᠣᠨ ᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠬᠠᠥᠯᠢᠵᠢᠯ ᠤᠨ ᠵᠠᠰᠠᠭ ᠤᠨ ᠣᠷᠳᠣᠨ ᠢ‌ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ ᠲᠠᠢ ᠬᠠᠷᠭᠤᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ  ᠲᠤᠲᠤᠷᠬᠠᠢ ᠪᠤᠯᠭᠠᠵᠤ᠂ ᠳᠤᠲᠠᠭᠤ ᠪᠠᠭᠤᠷᠠᠶ ᠵᠦᠢᠯ ᠢ ᠭᠦᠢᠴᠡᠳ ᠨᠥᠬᠦᠪᠥᠷᠢᠯᠡᠵᠦ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠᠷ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃          ᠬᠤᠶᠠᠷ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ      ︵ᠨᠢᠭᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠮᠡᠳᠡᠭᠳᠡᠵᠦ ᠠᠮᠠᠯᠠᠭᠤᠯᠬᠤ ᠲᠦᠷᠢᠮ ᠤᠨ ᠭᠡᠷᠡᠴᠢᠯᠡᠬᠦ ᠵᠦᠢᠯᠡᠰ ᠤᠨ ᠲᠣᠳᠣᠷᠬᠠᠶ ᠬᠠᠭᠤᠳᠠᠰᠤ ᠶᠢ ᠲᠣᠭᠲᠠᠭᠠᠵᠤ ᠨᠡᠶᠢᠲᠡᠯᠡᠨ᠎ᠡ᠃ ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠶᠠᠪᠤᠴᠠ ᠶᠢ ᠲᠠᠰᠤᠷᠠᠯᠳᠠ ᠦᠭᠡᠢ ᠴᠤᠮᠬᠠᠳᠬᠠᠨ᠎ᠠ᠃      ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ︽ᠮᠦᠩᠬᠡ ᠰᠤᠪᠠᠭ︾ ᠲᠠᠪᠴᠠᠩ ᠳᠤ ᠲᠦᠰᠢᠭᠯᠡᠨ᠂ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠥᠪᠡᠰᠦᠪᠡᠨ ᠭᠦᠢᠴᠡᠳᠭᠡᠬᠦ︾ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ︽ᠨᠢᠭᠡ ᠰᠦᠯᠵᠢᠶ᠎ᠡ ᠪᠠᠷ  ᠨᠡᠶᠢᠳᠡᠮ ᠭᠦᠢᠴᠡᠳᠭᠡᠬᠦ︾ ᠶᠢ ᠰᠢᠯᠢᠳᠡᠭᠵᠢᠭᠦᠯᠵᠦ᠂ ᠥᠨᠳᠥᠷ ᠲᠠᠪᠳᠠᠮᠵᠢᠳᠤ ᠬᠡᠷᠡᠭ ᠶᠠᠪᠤᠳᠠᠯ ᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃      ︵ᠭᠤᠷᠪᠠ︶ ᠲᠦᠪ ᠭᠤᠤᠯᠴᠢ ᠪᠠᠷ ᠥᠷᠢᠰᠦᠯᠳᠦᠬᠦ ᠬᠤᠳᠠᠯᠳᠤᠭ᠎ᠠ ᠡᠷᠭᠢᠯᠡᠬᠦ ᠣᠷᠴᠢᠨ  ᠨᠦᠬᠦᠴᠡᠯ ᠢ ᠪᠤᠢ ᠪᠤᠯᠭᠠᠨ᠎ᠠ᠃ ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ︽ᠬᠤᠷᠢᠭ᠎ᠠ ᠦᠭᠡᠢ ᠪᠣᠯ ᠤᠷᠤᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠯ ᠤᠨ ᠡᠷᠬᠡ᠂ ᠡᠵᠡᠨ ᠮᠡᠳᠡᠵᠦ ᠡᠵᠡᠩᠨᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠲᠦᠪ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠲᠦᠪ ᠭᠤᠣᠯᠴᠢ ᠪᠠᠷ ᠥᠷᠢᠰᠥᠯᠳᠦᠬᠦ ᠶᠢ ᠬᠠᠷᠰᠢᠯᠠᠵᠤ ᠪᠠᠶᠢᠭ᠎ᠠ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠠᠭ ᠲᠤᠬᠠᠶ ᠳᠤᠨᠢ ᠴᠡᠪᠡᠷᠯᠡᠨ ᠬᠦᠴᠦᠨ ᠦᠭᠡᠢ ᠪᠣᠯᠭᠠᠨ᠎ᠠ᠃      ︵ᠳᠥᠷᠪᠡ︶  ᠤᠴᠢᠷ ᠶᠠᠪᠤᠳᠠᠯ ᠤᠨ ᠡᠮᠦᠨᠡᠬᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠬᠤᠶᠠᠷ ᠢ  ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠤᠨ᠎ᠠ᠃      ︵ᠲᠠᠪᠤ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠬᠢᠭᠡᠳ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠬᠠᠤᠯᠢ ᠶᠣᠰᠣᠭᠠᠷ ᠲᠣᠭᠲᠠᠭᠰᠠᠨ ᠡᠯ᠎ᠡ ᠲᠥᠷᠥᠯ ᠤᠨ ᠵᠥᠪᠯᠡᠯᠴᠡᠭᠡᠷ᠂ ᠭᠡᠷ᠎ᠡ ᠶᠢ ᠬᠢᠨᠠᠮᠠᠭᠠᠶ ᠭᠦᠢᠴᠡᠳᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠢᠭᠤᠷᠠᠯᠳᠤᠭᠠᠨ ᠥᠬᠡᠶ ᠵᠣᠭᠤᠰ ᠢ ᠬᠠᠤᠯᠢ ᠶᠣᠰᠣᠭᠠᠷ ᠳᠥᠯᠥᠵᠦ ᠳᠠᠭᠤᠰᠬᠠᠨ᠎ᠠ᠃          ᠭᠤᠷᠪᠠ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ︵ᠨᠢᠭᠡ︶ ᠬᠠᠤᠯᠢ ᠲᠣᠭᠲᠠᠭᠠᠬᠤ ᠲᠥᠯᠥᠪᠯᠡᠭᠡ ᠶᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠡᠶᠡᠯᠡᠭᠦᠯᠦᠨ᠎ᠡ᠃ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ᠂ ᠬᠠᠤᠯᠢ ᠲᠣᠭᠲᠠᠭᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠦᠨᠡᠨᠬᠦ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠬᠠᠤᠯᠢ ᠲᠣᠭᠲᠠᠭᠠᠬᠤ ᠲᠥᠷᠥᠯ ᠵᠦᠢᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠬᠢᠨᠠᠨ ᠵᠥᠪᠯᠡᠬᠦ ᠠᠵᠢᠯ ᠢ ᠪᠡᠶᠡᠯᠡᠭᠦᠯᠦᠨ᠎ᠡ᠃      ︵ᠬᠤᠶᠠᠷ︶ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠡᠭᠦᠳᠡ ᠪᠠᠨ ᠨᠡᠭᠡᠭᠡᠵᠦ ᠬᠠᠤᠯᠢ ᠲᠣᠭᠲᠠᠭᠠᠬᠤ︾ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠪᠠ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠤᠨ᠎ᠠ᠃ ᠬᠠᠤᠯᠢ ᠲᠣᠭᠲᠠᠭᠠᠬᠤ ᠠᠴᠠ ᠡᠮᠦᠨᠡᠬᠢ ᠦᠨᠡᠯᠡᠨ ᠵᠢᠱᠢᠯᠲᠡ ᠪᠠ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠠᠵᠢᠯ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠭᠤᠷᠪᠠ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ︽ ᠭᠤᠷᠪᠠᠨ ᠨᠢᠭᠡᠲᠦᠯᠲᠡᠢ︾ ᠬᠠᠮᠢᠶᠠᠷᠤᠯᠲᠠ ᠶᠢᠨ ᠲᠥᠷᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠲᠥᠷᠢᠮ ᠢ ᠨᠠᠶᠢᠳᠠᠪᠤᠷᠢᠵᠢᠭᠤᠯᠤᠨ᠂ ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠵᠤ᠂ ᠳᠠᠩᠰᠠ ᠪᠠᠶᠢᠪᠠᠯ ᠵᠠᠪᠠᠯ ᠬᠢᠨᠠᠵᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠪᠣᠯᠤᠨ ᠦᠨᠡᠯᠡᠨ ᠵᠢᠱᠢᠵᠦ ᠴᠡᠪᠡᠷᠯᠡᠬᠦ ᠲᠥᠷᠢᠮ ᠢ ᠴᠢᠩᠭ᠎ᠠ  ᠬᠡᠷᠡᠭᠵᠢᠭᠦᠯᠦᠨ᠎ᠡ᠃            ᠲᠦᠷᠪᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ  ᠴᠤᠪᠤᠷᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠦᠯᠬᠢᠨ ᠠᠬᠢᠭᠤᠯᠤᠨ᠎ᠠ      ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠤᠨ ᠲᠣᠭᠲᠠᠭᠠᠯ︾ ︵ᠬᠥᠬᠡᠬᠤᠲᠠ ᠵᠠᠰᠠᠭ ᠲᠠᠷᠬᠠᠭᠠᠭᠰᠠᠨ ︹ 2020 ︺ 32 ᠳ᠋ᠤᠭᠠᠷ ᠲᠣᠭᠠᠲᠤ︶ ᠢ ᠴᠢᠩᠭ᠎ᠠ ᠬᠡᠷᠡᠭᠵᠢᠭᠦᠯᠵᠦ᠂ ᠪᠣᠶ ᠪᠥᠬᠦᠶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ ᠴᠥᠮ ᠬᠠᠤᠯᠢ ᠪᠠᠷ ᠲᠣᠭᠲᠠᠭᠠᠭᠰᠠᠨ ᠴᠤᠪᠤᠷᠠᠯ ᠢ ᠴᠢᠩᠭ᠎ᠠ ᠬᠡᠷᠡᠭᠵᠢᠭᠦᠯᠦᠨ᠎ᠡ᠃ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠪᠠᠷᠢᠮᠵᠢᠶ᠎ᠠ︾ ︵ᠬᠥᠬᠡᠬᠤᠲᠠ ᠵᠠᠰᠠᠭ ᠲᠠᠷᠬᠠᠭᠠᠭᠰᠠᠨ ︹ 2021 ︺ 23 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠶᠤᠨᠴᠢᠯᠠᠭᠰᠠᠨ ᠨᠢᠭᠡ  ᠴᠤᠭᠴᠠᠲᠤ ᠲᠠᠪᠴᠠᠩ ᠢᠶᠠᠷ ᠳᠠᠮᠵᠢᠭᠤᠯᠤᠨ ᠲᠤᠭᠲᠠᠭᠰᠠᠨ ᠴᠠᠭ ᠲᠤᠨᠢ ᠮᠡᠳᠡᠭᠦᠯᠦᠨ ᠳᠠᠩᠰᠠᠯᠠᠭᠤᠯᠤᠨ᠎ᠠ᠃      ︵ᠬᠤᠶᠠᠷ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠤᠪᠤᠷᠠᠯ ᠢ ᠬᠡᠷᠡᠭᠵᠢᠭᠦᠯᠬᠦ ᠪᠠ ᠦᠨᠡᠯᠡᠨ ᠵᠢᠱᠢᠬᠦ ᠶᠢ ᠴᠢᠩᠭᠠᠳᠬᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠰᠠᠯᠠᠭ᠎ᠠ ᠮᠥᠴᠢᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ ᠳᠥᠯᠭᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠴᠢᠬᠤᠯᠠ ᠦᠨᠳᠦᠰᠦᠯᠡᠯ ᠪᠣᠯᠭᠠᠨ᠎ᠠ      ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠤᠭᠲᠠᠭᠠᠬᠤ ᠴᠤᠪᠤᠷᠠᠯ ᠤᠨ ᠲᠦᠷᠢᠮ ᠢ ᠵᠢᠷᠤᠮᠯᠠᠭᠰᠠᠨ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠤᠭᠲᠠᠭᠠᠭᠰᠠᠨ ᠡᠰᠡᠬᠦ ᠶᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠤᠯ ᠬᠠᠷᠢᠭᠤᠴᠠᠯᠭᠠᠲᠠᠨ ᠢ ᠦᠨᠡᠯᠡᠨ ᠰᠢᠯᠭᠠᠵᠤ ᠰᠢᠮᠳᠠᠭᠤᠯᠤᠨ ᠪᠠᠶᠢᠴᠠᠭᠠᠬᠤ᠂ ᠠᠵᠤ ᠠᠬᠤᠶ ᠶᠢᠨ ᠬᠠᠷᠢᠭᠤᠴᠠᠯᠭ᠎ᠠ ᠶᠢ ᠨᠢ ᠬᠢᠨᠠᠨ  ᠪᠤᠳᠤᠬᠤ ᠴᠢᠬᠤᠯᠠ ᠠᠭᠤᠯᠭ᠎ᠠ ᠪᠣᠯᠭᠠᠨ᠎ᠠ᠃          ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠪᠥᠷᠢᠨᠰᠢᠬᠦᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ      ︵ᠨᠢᠭᠡ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ︾ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ ᠬᠤᠰᠢᠭᠤ ᠰᠢᠶᠠᠨ ᠲᠣᠭᠤᠷᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠳᠣᠭᠢᠷᠠᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃      ︵ᠬᠤᠶᠠᠷ︶ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠦᠷᠢᠶ᠎ᠡ ᠴᠠᠷᠠᠭ᠎ᠠ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠶᠡᠬᠡᠪᠡᠷ ᠠᠬᠢᠭᠤᠯᠵᠤ᠂ ᠢᠳᠡᠭᠡᠨ ᠤ ᠵᠦᠢᠯ ᠡᠮ ᠤᠨ ᠵᠦᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠶ ᠣᠷᠴᠢᠨ ᠲᠣᠭᠤᠷᠢᠨ᠂ ᠠᠶᠤᠯᠭᠦᠢ  ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠨ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠷᠯᠢᠭ 250 ᠳ᠋ᠤᠭᠠᠷ ᠲᠣᠭᠠᠲᠤ︶ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠨᠡᠯᠡᠨ ᠰᠢᠯᠭᠠᠬᠤ ᠳᠦᠷᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠬᠠᠨ ᠬᠥᠮᠦᠵᠢᠭᠦᠯᠬᠦ᠂ ᠢᠳᠬᠠᠨ ᠵᠢᠯᠤᠭᠤᠳᠴᠤ ᠦᠯᠢᠭᠡᠷ ᠵᠢᠱᠢᠶ᠎ᠡ ᠦᠵᠡᠭᠦᠯᠬᠦ᠂ ᠰᠡᠷᠡᠮᠵᠢᠯᠡᠭᠦᠯᠦᠨ ᠴᠡᠭᠡᠷᠯᠡᠭᠦᠯᠬᠦ ᠵᠡᠷᠭᠡ ᠬᠠᠤᠯᠢ ᠬᠡᠷᠡᠭᠵᠢᠭᠦᠯᠬᠦ ᠵᠥᠭᠡᠯᠡᠨ ᠠᠷᠭ᠎ᠠ ᠮᠠᠶ᠋ᠢᠭ ᠢ ᠥᠷᠭᠡᠨ ᠢᠶᠠᠷ ᠬᠡᠷᠡᠭᠯᠡᠨ᠎ᠡ᠃ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠲᠣᠭᠠᠴᠢᠬᠤ᠂ ᠵᠦᠪᠳᠡᠭᠡᠨ ᠲᠣᠳᠣᠷᠬᠠᠶᠢᠯᠠᠬᠤ᠂ ᠭᠡᠷᠡᠴᠢᠯᠡᠭᠡ ᠰᠣᠨᠣᠰᠬᠤ ᠭᠤᠶᠤᠴᠢᠯᠠᠯ ᠳᠤᠷᠠᠳᠬᠤ ᠵᠡᠷᠭᠡ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠤᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ᠂ ᠪᠢᠴᠢᠭ ᠬᠠᠷ᠎ᠠ ᠶᠢᠨ ᠵᠠᠭᠪᠤᠷ ᠪᠠ ᠦᠨᠳᠦᠰᠦᠨ ᠪᠠᠷᠢᠮᠵᠢᠶ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠲᠦᠷᠢᠮ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠬᠡᠯᠪᠡᠷᠢ ᠶᠢᠨ ᠶᠣᠰᠣᠭᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠤᠪᠤᠷᠠᠯ ᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠬᠠᠥᠯᠢ ᠲᠠᠷᠬᠠᠭᠠᠭᠰᠠᠨ ︹ 2018 ︺ 63 ᠳ᠋ᠤᠭᠠᠷ ᠲᠣᠭᠠᠲᠤ︶ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠠ ᠬᠠᠤᠯᠢ ᠬᠡᠷᠡᠭᠵᠢᠭᠦᠯᠬᠦ ᠠᠵᠢᠯᠲᠠᠨ ᠳᠤ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠬᠥᠮᠦᠨ ᠪᠦᠷᠢ ᠳᠤ ᠵᠢᠯ ᠳᠤ ᠬᠠᠮᠤᠭ ᠪᠠᠭ᠎ᠠ ᠳᠤ ᠪᠠᠨ 60 ᠬᠢᠴᠢᠶᠡᠯ ᠤᠨ ᠴᠠᠭ ᠤᠨ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠭᠥᠷᠳᠡᠨ᠎ᠡ᠃          ᠵᠢᠷᠭᠤᠭ᠎ᠠ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠨ᠎ᠡ          ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠳᠤᠰᠬᠠᠯ ᠭᠠᠷᠭᠠᠬᠤ᠂ ᠲᠠᠬᠢᠨ ᠪᠠᠶᠢᠭᠤᠯᠵᠤ ᠰᠡᠷᠭᠦᠭᠡᠬᠦ᠂ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠣᠭᠲᠠᠴᠠ ᠶᠢ ᠪᠦᠷᠢᠨᠰᠢᠬᠦᠯᠦᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢ ᠨᠥᠭᠡᠴᠡᠯᠡᠬᠦ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠤᠳᠠᠰ ᠢ ᠬᠢᠨᠠᠨ ᠬᠠᠮᠢᠶᠠᠷᠬᠤ᠂ ᠦᠢᠯᠡᠳᠪᠦᠷᠢᠯᠡᠬᠦ᠂ ᠨᠥᠭᠡᠴᠡᠯᠡᠬᠦ᠂ ᠳᠣᠭᠢᠷᠠᠭᠤᠯᠬᠤ ᠪᠠ ᠪᠠᠴᠢᠮ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠤᠨ᠎ᠠ᠃      ︵ᠬᠤᠶᠠᠷ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠳᠡᠭᠡᠭᠰᠢᠯᠡᠭᠦᠯᠦᠨ᠎ᠡ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠤᠲᠠ ᠶᠢᠨ ᠲᠣᠰ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠠ ᠲᠤᠰᠬᠠᠶ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠴᠤᠪᠤᠷᠠᠯ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠎ᠡ      ︵ᠭᠤᠷᠪᠠ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠶᠢ ᠬᠥᠲᠥᠯᠦᠨ ᠵᠢᠯᠣᠭᠤᠳᠴᠤ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠪᠣᠯᠪᠠᠰᠤᠷᠠᠭᠤᠯᠤᠯ ᠢ ᠨᠠᠷᠢᠨ ᠬᠢᠨᠠᠮᠠᠭᠠᠶ ᠥᠷᠨᠢᠭᠦᠯᠵᠦ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠭᠡᠨᠡᠳᠲᠡ ᠶᠢᠨ ᠬᠡᠷᠡᠭ ᠲᠤ ᠣᠷᠣᠯᠴᠠᠬᠤ᠂ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠬᠥᠲᠥᠯᠦᠨ ᠵᠢᠯᠣᠭᠤᠳᠴᠤ ᠵᠢᠷᠤᠮᠵᠢᠭᠤᠯᠤᠨ᠎ᠠ᠃          ᠳᠣᠯᠤᠭ᠎ᠠ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠵᠦ ᠨᠠᠮᠳᠠᠭᠤᠯᠤᠨ᠎ᠠ      ︵ᠨᠢᠭᠡ︶ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠡᠶᠡᠳᠡᠭᠦᠯᠭᠡ ᠶᠢ ᠠᠷᠠᠳ ᠤᠨ ᠡᠶᠡᠳᠡᠭᠦᠯᠭᠡ᠂ ᠠᠵᠢᠯ ᠲᠦᠷᠦᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠲᠠᠢ ᠪᠦᠲᠦᠮᠵᠢᠲᠡᠶ ᠵᠣᠯᠭᠠᠭᠤᠯᠬᠤ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠢ ᠴᠢᠩᠭᠠᠳᠬᠠᠨ᠎ᠠ᠃ ᠬᠤᠲᠠ᠂ ᠬᠤᠰᠢᠭᠤ ︵ᠰᠢᠶᠠᠨ᠂ ᠲᠣᠭᠤᠷᠢᠭ︶᠂ ᠰᠢᠶᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠵᠥᠷᠢᠴᠡᠯ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠦᠷᠲᠡᠭᠡ ᠮᠠᠶ᠋ᠢᠭ︾ ᠤᠨ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡ ᠬᠠᠩᠭᠠᠨ᠎ᠠ᠃      ︵ᠬᠤᠶᠠᠷ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠴᠤᠪᠤᠷᠠᠯ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠪᠡᠶᠡᠯᠡᠭᠦᠯᠦᠨ᠎ᠡ᠃      ︵ᠭᠤᠷᠪᠠ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠭᠠᠵᠠᠷ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠬᠡᠷ᠂ ᠭᠥᠯᠢᠶᠡᠨ ᠠᠪᠬᠤ ᠬᠡᠷ᠂ ᠭᠡᠷᠡᠴᠢᠯᠡᠭᠡ ᠰᠣᠨᠣᠰᠬᠤ ᠬᠡᠷ᠂ ᠲᠠᠩᠰᠠ ᠡᠪᠬᠡᠮᠡᠯ ᠤᠨ ᠬᠡᠷ ︽ᠳᠥᠷᠪᠡᠨ ᠭᠡᠷ︾ ᠢ ᠰᠠᠯᠭᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠦᠴᠦᠨ ᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠰᠢᠢᠳᠪᠦᠷᠢᠯᠡᠬᠦ ᠠᠵᠢᠯᠲᠠᠨ ᠢ ᠬᠠᠮᠤᠭ ᠪᠠᠭ᠎ᠠ ᠳᠠᠭᠠᠨ 3 ᠳᠣᠭᠢᠷᠠᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠪᠠᠲᠤᠯᠠᠭ᠎ᠠ ᠳᠤ ᠤᠷᠤᠭᠤᠯᠤᠨ᠎ᠠ᠃      ︵ᠲᠦᠷᠪᠡ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ 100% ᠪᠡᠶᠡᠯᠡᠭᠦᠯᠦᠨ᠎ᠡ᠃ ᠰᠢᠭᠦᠨ ᠲᠠᠰᠤᠯᠬᠤ ᠪᠠᠶᠢᠭᠤᠯᠭ᠎ᠠ ᠶᠢᠨ ᠬᠠᠤᠯᠢ  ᠴᠠᠭᠠᠵᠠ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠯᠢᠶᠡᠨ ᠠᠪᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠮᠡᠳᠡᠭᠦᠯᠦᠨ᠎ᠡ᠃ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠢᠳᠡᠪᠬᠢᠲᠡᠢ ᠬᠠᠮᠵᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠵᠠᠯᠠᠷᠠᠭᠤᠯᠤᠨ᠎ᠠ᠃          ᠨᠠᠢᠮᠠ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ      ︵ᠨᠢᠭᠡ︶ ᠬᠢᠨᠠᠯᠲᠠ ᠲᠠᠯᠪᠢᠬᠤ ᠶᠢᠨ ᠶᠡᠷᠦᠩᠬᠡᠢ ᠦᠢᠯᠡᠳᠦᠯ ᠴᠢᠳᠠᠮᠵᠢ ᠶᠢ ᠴᠢᠩᠭᠠᠳᠬᠠᠵᠤ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠬᠢᠨᠠᠮᠠᠭᠠᠢ ᠰᠤᠳᠤᠯᠤᠨ ᠰᠢᠢᠳᠪᠦᠷᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠶᠢᠨ ᠬᠢᠨᠠᠯᠲᠠ ᠬᠢᠵᠠᠭᠠᠷᠯᠠᠯ ᠪᠠ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠶᠢᠨ ᠬᠢᠨᠠᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠡᠷᠬᠡ ᠬᠠᠤᠯᠢ ᠶᠣᠰᠣᠭᠠᠷ᠂ ᠵᠢᠷᠤᠮᠵᠢᠯ ᠲᠠᠢ᠂ ᠢᠯᠡ ᠲᠣᠳᠣ ᠶᠠᠪᠤᠭᠳᠠᠬᠤ ᠶᠢ ᠪᠠᠲᠤᠯᠠᠨ᠎ᠠ᠃      ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃            ᠶᠢᠰᠦ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠭᠠᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠲᠤᠭᠠᠴᠢᠯᠠᠭᠰᠠᠨ ᠪᠠᠶᠢᠭᠤᠯᠤᠯᠲᠠ ᠶᠢ  ᠲᠦᠷᠭᠡᠳᠭᠡᠨ᠎ᠡ᠃ ᠪᠥᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠡᠯ᠎ᠡ ᠲᠥᠷᠥᠯ ᠤᠨ ᠲᠤᠭ᠎ᠠ ᠪᠠᠷᠢᠮᠲᠠ᠂ ᠰᠦᠯᠵᠢᠶᠡᠨ ᠤ ᠲᠠᠪᠴᠠᠩ ᠪᠠ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠡᠮᠬᠢᠯᠡᠨ ᠨᠡᠶᠢᠳᠭᠡᠵᠦ᠂ ᠲᠤᠭ᠎ᠠ ᠪᠠᠷᠢᠮᠲᠠ ᠶᠢ ᠬᠠᠮᠲᠤᠪᠠᠷ ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠤᠨ᠂ ᠥᠨᠳᠥᠷ ᠪᠦᠲᠦᠮᠵᠢᠲᠡᠶ ᠠᠵᠢᠯᠯᠠᠬᠤ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃      ︵ᠬᠤᠶᠠᠷ︶ ᠲᠣᠭᠠᠴᠢᠯᠠᠭᠰᠠᠨ᠂ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠠᠵᠤ ᠲᠦᠪᠯᠡᠷᠡᠬᠦ ᠶᠢ ᠠᠬᠢᠭᠤᠯᠤᠨ᠎ᠠ᠃ ᠠᠯᠤᠰ ᠬᠢᠨᠠᠨ  ᠬᠠᠮᠢᠶᠠᠷᠤᠯᠲᠠ᠂ ᠨᠠᠭᠦᠳᠡᠯ ᠬᠢᠨᠠᠨ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠳᠠᠪᠬᠤᠷᠳᠠᠭᠰᠠᠨ ᠪᠤᠶᠤ ᠴᠢᠬᠤᠯᠠ ᠪᠤᠰᠤ ᠬᠢᠨᠠᠨ ᠬᠠᠮᠢᠶᠠᠷᠬᠤ  ᠵᠦᠢᠯᠡᠰ ᠢ ᠴᠦᠬᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠶᠤᠨᠲᠤ ᠦᠵᠦᠭᠦᠷ ᠢ ᠢᠳᠡᠪᠬᠢᠲᠡᠢ ᠬᠡᠷᠡᠭᠯᠡᠨ ᠬᠠᠥᠯᠢ ᠬᠡᠷᠡᠭᠵᠢᠭᠦᠯᠬᠦ ᠳᠤ ᠲᠤᠰᠠᠯᠠᠮᠵᠢ ᠪᠤᠯᠭᠠᠨ᠎ᠠ᠃          ᠠᠷᠪᠠ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠤᠨ ᠡᠷᠴᠢᠮ ᠢ ᠴᠢᠩᠭᠠᠳᠬᠠᠨ᠎ᠠ      ︵ᠨᠢᠭᠡ︶ ᠬᠠᠥᠯᠢᠵᠢᠯ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠥᠯᠢᠵᠢᠯ ᠤᠨ  ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠠᠤᠯᠢ ᠴᠠᠭᠠᠵᠠ ᠶᠢ ᠲᠦᠭᠡᠮᠡᠯᠵᠢᠭᠦᠯᠬᠦ  ︽ᠨᠠᠢᠮᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︽ᠬᠡᠨ ᠬᠠᠤᠯᠢ ᠬᠡᠷᠡᠭᠵᠢᠭᠦᠯᠪᠡᠯ᠂ ᠬᠡᠨ ᠬᠠᠤᠯᠢ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠨ᠎ᠠ᠃ ︽ᠰᠠᠶᠢᠨ ᠰᠠᠶᠢᠬᠠᠨ ᠠᠮᠢᠳᠤᠷᠠᠯ ᠳᠤ ᠢᠷᠭᠡᠨ ᠤ ᠬᠠᠤᠯᠢ ᠶᠢᠨ ᠪᠢᠴᠢᠭ ᠬᠠᠨᠢ ᠪᠤᠯᠬᠤ︾ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠵᠡᠷᠭᠡ ᠰᠢᠷᠢᠰ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠠᠥᠯᠢᠵᠢᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠎ᠠ᠃  ᠰᠤᠷᠭᠠᠭᠤᠯᠢ ᠶᠢᠨ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠬᠤᠶᠠᠷ︶ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ︽ᠬᠥᠬᠡᠬᠤᠲᠠ ᠶᠢᠨ ︿ᠤᠳᠤᠷᠢᠳᠬᠤ ᠺᠠᠳ᠋ᠷᠴᠤᠳ ᠤᠨ ᠬᠠᠤᠯᠢ ᠰᠤᠷᠴᠤ ᠬᠠᠤᠯᠢ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ︵ᠬᠥᠬᠡᠬᠤᠲᠠ ᠬᠠᠤᠯᠢ ᠪᠠᠷ ᠬᠤᠲᠠ ᠶᠢ ᠵᠠᠰᠠᠬᠤ ᠠᠯᠪᠠᠨ ︹ 2022 ︺ 2 ᠳ᠋ᠤᠭᠠᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠲᠤᠲᠤᠷᠬᠠᠢ ᠬᠠᠭᠤᠳᠠᠰᠤ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠮᠡᠳᠡᠪᠡᠯ ᠵᠣᠬᠢᠬᠤ ᠴᠢᠳᠠᠪᠠᠯ ᠵᠤᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠲᠤᠷᠬᠠᠢ ᠬᠠᠭᠤᠳᠠᠰᠤ ᠶᠢ ᠪᠠᠶᠢᠭᠤᠯᠵᠤ᠂ ᠤᠳᠤᠷᠢᠳᠬᠤ ᠺᠠᠳ᠋ᠷᠴᠤᠳ ᠤᠨ ᠲᠤᠰᠬᠠᠶ ᠰᠡᠳᠦᠪᠲᠦ ᠬᠠᠥᠯᠢᠵᠢᠯ ᠤᠨ ᠲᠠᠶᠢᠯᠤᠮᠵᠢ ᠶᠢ ᠵᠢᠯ ᠳᠤ ᠬᠠᠮᠤᠭ ᠪᠠᠭ᠎ᠠ ᠳᠠᠭᠠᠨ ᠬᠤᠶᠠᠷ ᠬᠤᠭᠤᠴᠠᠭ᠎ᠠ ᠡᠷᠭᠢᠯᠡᠨ᠎ᠡ᠃            ᠠᠷᠪᠠᠨ ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ      ︵ᠨᠢᠭᠡ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠯᠡᠨ ᠨᠠᠶᠢᠳᠠᠪᠤᠷᠢᠵᠢᠭᠤᠯᠬᠤ ᠨᠠᠶᠢᠳᠠᠪᠤᠷᠢᠵᠢᠭᠤᠯᠤᠨ᠎ᠠ᠃         ︵ᠬᠤᠶᠠᠷ︶ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠦᠨᠡᠯᠡᠨ ᠰᠢᠯᠭᠠᠬᠤ ᠠᠵᠢᠯ ᠢ ᠴᠢᠩᠭᠠᠳᠬᠠᠨ᠎ᠠ᠃ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠢᠯ ᠤᠨ ᠡᠴᠦᠰ ᠤᠨ ᠦᠨᠡᠯᠡᠨ ᠰᠢᠯᠭᠠᠬᠤ ᠪᠠ ᠭᠤᠣᠯ ᠬᠠᠷᠢᠭᠤᠴᠠᠯᠭᠠᠲᠠᠨ ᠤ ᠬᠠᠤᠯᠢ ᠶᠢᠨ ᠲᠣᠭᠠᠴᠢᠯᠲᠠ ᠶᠢᠨ ᠠᠭᠤᠯᠭ᠎ᠠ ᠳᠤ ᠤᠷᠤᠭᠤᠯᠤᠨ᠎ᠠ᠃ ︽ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠲᠣᠭᠲᠠᠭᠠᠯ︾ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠠᠥᠯᠢᠵᠢᠯ ᠤᠨ ᠰᠢᠮᠳᠠᠭᠤᠯᠤᠨ ᠪᠠᠶᠢᠴᠠᠭᠠᠯᠲᠠ ᠶᠢ ᠴᠠᠭ ᠲᠣᠬᠢᠷᠠᠭᠤᠯᠤᠨ ᠵᠣᠬᠢᠶᠠᠨ ᠪᠠᠶᠢᠭᠤᠯᠵᠤ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠳᠦᠯᠬᠢᠨ ᠠᠬᠢᠭᠤᠯᠤᠨ᠎ᠠ᠃      ︵ᠭᠤᠷᠪᠠ︶ ᠬᠠᠥᠯᠢᠵᠢᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠥᠯᠢᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ ᠪᠠ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠵᠡᠷᠭᠡ ᠬᠠᠥᠯᠢᠵᠢᠯ ᠤᠨ ᠲᠤᠰᠬᠠᠶ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠵᠡᠷᠭᠡ ᠰᠠᠭᠤᠷᠢ ᠴᠢᠨᠠᠷᠲᠠᠶ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号