ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠨᠣᠷᠮ᠎ᠠ ᠪᠠ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ ᠲᠦᠷᠭᠡᠨ ᠳᠡᠭᠡᠭᠰᠢᠯᠡᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2022/12/22
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      ᠮᠠᠨ ᠤ ᠬᠤᠲᠠ ᠶᠢᠨ ᠪᠥᠬᠦ ᠠᠷᠠᠳ ᠢ ᠳᠠᠭᠠᠳᠬᠠᠯ ᠳᠤ ᠣᠷᠤᠯᠴᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠨᠣᠷᠮ᠎ᠠ ᠪᠠ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ︵ᠳᠣᠷᠣᠭᠰᠢ ︽ᠬᠤᠣᠰ ᠨᠣᠷᠮ᠎ᠠ︾ ᠭᠡᠵᠦ ᠲᠣᠪᠴᠢᠯᠠᠨ᠎ᠠ ︶ ᠶᠢ ᠲᠦᠷᠭᠡᠨ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠷᠠᠯᠲᠠᠲᠤ ᠡᠭᠦᠷᠭᠡ ᠶᠢᠨ ᠱᠠᠭᠠᠷᠳᠠᠯᠭ᠎ᠠ ᠶᠢ ᠲᠦᠷᠭᠡᠬᠡᠨ ᠪᠡᠶᠡᠯᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠣᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠠᠵᠢᠯ ᠤᠨ ᠬᠠᠷᠠᠯᠲᠠ      ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠳᠤ ᠪᠠᠶᠢᠯᠭᠠᠵᠤ᠂ ᠲᠤᠯᠤᠭᠠᠨ ᠲᠥᠷᠥᠯ ᠤᠨ ᠬᠦᠴᠢᠷᠳᠡᠯᠲᠡᠢ ᠬᠥᠮᠥᠰ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ 100 % ᠳᠤ ᠬᠦᠷᠦᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃      ᠬᠤᠶᠠᠷ᠂ ᠡᠭᠦᠷᠭᠡ ᠶᠢᠨ ᠬᠤᠪᠢᠶᠠᠷᠢᠯᠠᠯ      ︵ᠨᠢᠭᠡ︶ ᠪᠥᠬᠦ ᠠᠷᠠᠳ ︵ᠬᠦᠴᠢᠷᠳᠡᠯᠲᠡᠢ ᠬᠦᠮᠦᠰ︶ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ      1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠳᠠᠭᠠᠳᠬᠠᠯ ᠳᠤ ᠣᠷᠣᠯᠴᠠᠭᠰᠠᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠡᠬᠡ ᠲᠠᠩᠰᠠ ᠶᠢ ᠪᠠᠶᠢᠭᠤᠯᠬᠤ ᠬᠡᠷᠡᠭᠲᠡᠢ︔ ᠬᠠᠷᠢᠶ᠎ᠠ ᠣᠷᠣᠨ ᠤ ᠡᠳᠦᠷ ᠪᠦᠷᠢ ᠶᠢᠨ ᠳᠠᠭᠠᠳᠬᠠᠯ ᠳᠤ ᠣᠷᠣᠯᠴᠠᠭᠰᠠᠨ ᠬᠥᠳᠡᠯᠦᠩᠭᠦᠢ ᠲᠤᠭ᠎ᠠ ᠪᠠᠷᠢᠮᠲᠠ ᠪᠠ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠨ᠎ᠠ︔ ᠡᠮᠴᠢᠯᠡᠭᠡᠨ ᠤ  ᠪᠠᠲᠤᠯᠠᠭ᠎ᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ      2. ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠳᠠᠭᠠᠳᠬᠠᠯ ᠳᠤ ᠣᠷᠣᠯᠴᠠᠭᠰᠠᠳ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠷᠢᠴᠠᠭᠤᠯᠬᠤ᠂ ᠪᠦᠷᠢᠳᠬᠡᠬᠦ ᠶᠢ ᠬᠠᠷᠢᠭᠤᠴᠠᠵᠤ᠂ ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠬᠥᠮᠥᠰ ᠤᠨ ᠮᠡᠳᠡᠭᠡ ᠵᠠᠩᠭᠢ ᠶᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠪᠢᠶᠠᠷᠢᠯᠠᠨ ᠲᠠᠷᠬᠠᠭᠠᠨ᠎ᠠ︔ ᠪᠥᠬᠦ ᠬᠤᠲᠠ ᠶᠢᠨ ᠡᠳᠦᠷ ᠪᠦᠷᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠤᠨ ᠲᠤᠭ᠎ᠠ ᠪᠠᠷᠢᠮᠲᠠ ᠪᠠ ᠨᠡᠷᠡᠰ ᠤᠨ ᠵᠢᠭᠰᠠᠭᠠᠯᠲᠠ ᠶᠢ ᠵᠠᠷᠯᠠᠨ᠎ᠠ︔ ᠲᠣᠰ ᠱᠠᠲᠤᠨ ᠤ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠢ ᠬᠢᠨᠠᠨ ᠬᠠᠷᠭᠤᠭᠤᠯᠬᠤ ᠠᠵᠢᠯ ᠢ ᠪᠥᠬᠦ ᠲᠠᠯ᠎ᠠ ᠪᠠᠷ ᠥᠷᠨᠢᠬᠦᠯᠦᠨ᠎ᠡ︔ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠ ᠲᠤᠬᠠᠢ ᠶᠢᠨ ᠭᠠᠵᠠᠷ ᠲᠤᠨᠢ ᠰᠢᠮᠳᠠᠭᠤᠯᠤᠨ ᠵᠢᠯᠤᠭᠤᠳᠬᠤ ᠠᠵᠢᠯ ᠢ ᠥᠷᠨᠢᠬᠦᠯᠦᠨ᠎ᠡ᠃      3. ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠵᠣᠯᠭᠠᠭᠤᠯᠤᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ᠎ᠠ︔ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠡᠷᠡᠭᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠢᠳᠡᠪᠬᠢᠲᠡᠢ ᠠᠬᠢᠭᠤᠯᠤᠨ᠎ᠠ︔ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠳ ᠤᠨ ᠰᠠᠭᠤᠷᠢ ᠲᠤᠭ᠎ᠠ ᠪᠠ ᠲᠠᠷᠬᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠎ᠡ᠃ ᠰᠠᠷ᠎ᠠ ᠪᠦᠷᠢ ᠶᠢᠨ 15 ᠤ ᠡᠳᠦᠷ᠂ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠬᠦᠴᠢᠷᠳᠡᠯᠲᠡᠢ ᠤᠯᠠᠨ ᠲᠦᠮᠡᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠴᠠᠭ ᠲᠠᠭᠠᠨ ᠳᠠᠮᠵᠢᠭᠤᠯᠤᠨ ᠬᠦᠷᠭᠡᠬᠦ ᠬᠡᠷᠡᠭᠲᠡᠢ︔ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠬᠠᠷᠢᠴᠠᠭᠤᠯᠬᠤ ᠶᠢᠨ ᠬᠠᠮᠲᠤ 20 ᠤ ᠡᠳᠦᠷ ᠠᠴᠠ ᠡᠮᠦᠨ᠎ᠡ ᠵᠠᠳᠠᠯᠤᠨ ᠬᠠᠷᠢᠴᠠᠭᠤᠯᠤᠭᠰᠠᠨ ᠤ ᠳᠠᠷᠠᠭᠠᠬᠢ ᠳᠠᠭᠠᠳᠬᠠᠯ ᠳᠤ ᠣᠷᠣᠯᠴᠠᠭᠰᠠᠨ ᠦᠭᠡᠢ ᠮᠠᠳᠠᠭ ᠲᠠᠢ ᠲᠤᠭ᠎ᠠ ᠪᠠᠷᠢᠮᠲᠠ ᠶᠢ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠭᠡᠨ ᠥᠭᠴᠦ᠂ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ︽ᠬᠡᠨ ᠮᠠᠭᠠᠳᠯᠠᠨ ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ ᠬᠦᠷᠭᠡᠨ ᠥᠭᠴᠦ᠂  ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠳᠠᠭᠠᠳᠬᠠᠯ ᠳᠤ ᠣᠷᠣᠯᠴᠠᠭᠤᠯᠬᠤ ᠪᠠᠷ ᠳᠠᠶᠢᠴᠢᠯᠠᠨ᠎ᠠ᠃      ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠬᠠᠪᠰᠤᠷᠤᠨ ᠪᠣᠳᠠᠲᠠᠶᠢᠵᠢᠭᠤᠯᠵᠤ᠂ ᠰᠤᠷᠭᠠᠭᠤᠯᠢ ᠠᠴᠠ ᠰᠤᠷᠤᠭᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠳᠠᠭᠠᠳᠬᠠᠯ ᠤᠨ ᠰᠦᠢᠳᠬᠡᠯ ᠢ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠶᠢ ᠨᠢᠭᠡᠳᠦᠯᠲᠡᠢ ᠵᠣᠬᠢᠶᠠᠨ ᠪᠠᠶᠢᠭᠤᠯᠵᠤ᠂ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠰᠣᠷᠣᠭᠴᠢ ︵ᠬᠡᠦᠬᠡᠳ︶ ᠶᠢᠨ ᠳᠠᠭᠠᠳᠬᠠᠯ ᠳᠤ ᠣᠷᠤᠯᠴᠠᠬᠤ ᠶᠣᠰᠣᠲᠠᠢ ᠶᠢ ᠪᠦᠬᠦᠨ ᠢ ᠣᠷᠤᠯᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠭᠠᠵᠠᠷ ᠲᠠᠰᠤᠭ ᠢ ᠬᠠᠪᠰᠤᠷᠤᠨ ᠵᠣᠬᠢᠴᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠥᠬᠡᠬᠤᠲᠠ ᠳᠤ ᠪᠠᠶᠢᠭ᠎ᠠ‌‍ᠶᠡᠭᠡ ᠳᠡᠭᠡᠳᠦ ᠰᠤᠷᠭᠠᠭᠤᠯᠢ ᠶᠢᠨ ᠪᠥᠬᠦ ᠤᠶᠤᠲᠠᠳ ᠤᠨ ᠳᠠᠭᠠᠳᠬᠠᠯ ᠳᠤ ᠣᠷᠤᠯᠴᠠᠬᠤ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃      ︵ᠬᠤᠶᠠᠷ︶ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ ᠲᠦᠷᠭᠡᠳᠬᠡᠨ ᠠᠬᠢᠭᠤᠯᠤᠨ᠎ᠠ      1. ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠬᠠᠷᠢᠶ᠎ᠠ ᠣᠷᠣᠨ ᠤ ᠪᠠᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠵᠢᠯᠲᠠᠨ᠂ ᠲᠣᠰᠬᠤᠨ ︵ᠨᠡᠶᠢᠭᠡᠮ ᠲᠣᠭᠤᠷᠢᠭ︶ ᠤ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠲᠣᠰᠬᠤᠨ ᠳᠤ ᠰᠠᠭᠤᠭ᠎ᠠ ᠺᠠᠳ᠋ᠷ ᠵᠡᠷᠭᠡ ᠦᠨᠳᠦᠰᠦᠨ ᠱᠠᠲᠤᠨ ᠤ ᠠᠵᠢᠯᠲᠠᠨ ᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠬᠦᠷᠭᠡᠵᠦ᠂ ᠬᠠᠷᠢᠶ᠎ᠠ ᠣᠷᠣᠨ ᠤ ᠳᠠᠭᠠᠳᠬᠠᠯ ᠳᠤ ᠣᠷᠣᠯᠴᠠᠭᠰᠠᠳ ᠤᠨ ᠪᠠᠭᠤᠯᠭᠠᠵᠤ ᠠᠮᠢᠯᠠᠭᠤᠯᠤᠨ ᠬᠡᠷᠡᠭᠯᠡᠬᠦ ᠳᠤ ᠬᠠᠪᠰᠤᠷᠤᠨ᠂ ᠡᠷᠦᠬᠡ ᠳᠠᠷᠠᠭᠠᠯᠠᠨ ᠬᠥᠮᠥᠨ ᠳᠠᠷᠠᠭᠠᠯᠠᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠵᠦ ᠪᠠᠶᠢᠭ᠎ᠠ ᠪᠠᠶᠢᠳᠠᠯ ᠢ ᠪᠦᠷᠢᠳᠬᠡᠵᠦ᠂ ᠵᠢᠭᠰᠠᠭᠠᠨ ᠪᠠᠶᠢᠴᠠᠭᠠᠨ᠎ᠠ᠃      2.ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠪᠥᠬᠦ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠠᠵᠢᠯ ᠢ ᠠᠬᠢᠭᠤᠯᠤᠨ᠎ᠠ︔ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠬᠡᠷᠡᠭᠯᠡᠯᠲᠡ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠨ ᠦᠢᠯᠡᠳᠴᠦ ᠲᠠᠷᠬᠠᠭᠠᠨ᠎ᠠ︔ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠯᠪᠠᠷ ᠣᠶᠢᠯᠠᠭᠠᠮᠵᠢᠲᠠᠢ᠂ ᠦᠵᠡᠵᠦ ᠰᠣᠨᠢᠷᠬᠠᠬᠤ ᠳᠤᠷᠠᠲᠠᠢ᠂ ᠠᠦ᠋ᠳᠢᠤ᠋᠂ ᠸᠢᠳᠢᠤ᠋ ᠪᠢᠴᠢᠯᠭᠡ ᠶᠢ ᠦᠢᠯᠡᠳᠴᠦ᠂ ᠲᠣᠰᠬᠤᠨ ᠪᠣᠯᠭᠠᠨ ᠳᠤ ᠨᠡᠪᠲᠡᠷᠡᠬᠦ ᠷᠠᠳᠢᠤ᠋᠂ ᠴᠣᠣᠷᠢᠶ᠎ᠠ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      3. ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠨᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠵᠤ ᠥᠷᠭᠡᠨ ᠣᠯᠠᠨ ᠪᠠᠭᠰᠢ ᠰᠤᠷᠤᠭᠴᠢᠳ ᠲᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠶᠠᠪᠤᠴᠠ᠂ ᠬᠡᠷᠡᠭᠯᠡᠬᠦ ᠪᠠᠶᠢᠳᠠᠯ ᠢ ᠤᠬᠠᠭᠤᠯᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠭᠡᠷ ᠪᠦᠯᠢ ᠶᠢᠨ ᠪᠦᠷᠢᠯᠳᠦᠭᠦᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ 100% ᠳᠤ ᠬᠦᠷᠦᠭᠦᠯᠬᠦ ᠶᠢ ᠠᠬᠢᠭᠤᠯᠬᠤ ᠬᠡᠷᠡᠭᠲᠡᠢ᠃      4. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ 134 ᠪᠦᠬᠦ ᠬᠡᠮᠵᠢᠶᠡᠨ ᠤ ᠵᠠᠯᠭᠠᠭᠠᠰᠤ ᠶᠢ ᠦᠭᠡᠷᠡᠴᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ᠂ ᠭᠤᠷᠪᠠᠳᠠᠭᠢ ᠡᠲᠡᠭᠡᠳ ᠤᠨ ᠠᠷᠭ᠎ᠠ ᠵᠠᠮ ᠤᠨ ᠰᠢᠰᠲ᠋ᠧᠮ᠂  ᠲᠤᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠢᠰᠲ᠋ᠧᠮ ᠢ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ ᠲᠥᠪ ᠲᠤ ᠵᠡᠷᠭᠡᠪᠡᠷ ᠵᠠᠯᠭᠠᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳ᠋ᠤᠭᠠᠷᠯᠠᠬᠤ᠂ ᠡᠮᠨᠡᠭᠦᠯᠬᠦ᠂ ᠲᠣᠭᠠᠴᠠᠭ᠎ᠠ ᠬᠢᠬᠦ᠂ ᠡᠮ ᠠᠪᠬᠤ᠂ ᠮᠡᠳᠡᠭᠦᠯᠦᠯᠲᠡ ᠠᠪᠬᠤ ᠵᠡᠷᠭᠡ ᠡᠪᠡᠳᠴᠢᠨ ᠦᠵᠡᠭᠦᠯᠬᠦ ᠦᠢᠯᠡᠴᠢᠯᠡᠭᠡᠨ ᠤ ᠪᠥᠬᠦ ᠶᠠᠪᠤᠴᠠ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢᠭᠡᠯᠡ ᠺᠣᠳ᠋ ᠢᠶᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ︔ ᠪᠥᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠭᠤᠭᠴᠤᠭ᠎ᠠ ᠶᠢᠨ ᠦᠢᠯᠡᠴᠢᠯᠡᠭᠡᠨ ᠤ ᠴᠣᠩᠬᠤ᠂ ᠥᠪᠡᠰᠦᠪᠡᠨ ᠬᠦᠢᠴᠡᠳᠭᠡᠬᠦ ᠮᠠᠰᠢᠨ ᠤ ᠢᠯᠡ ᠪᠠᠶᠢᠷᠢᠨ ᠳᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠴᠤᠪᠤᠷᠠᠯ᠂ ᠬᠡᠷᠡᠭᠯᠡᠯᠲᠡ ᠶᠢᠨ ᠪᠠᠶᠢᠳᠠᠯ ᠪᠠ ᠬᠡᠷᠡᠭᠯᠡᠯᠲᠡ ᠶᠢᠨ ᠰᠠᠨᠠᠭᠤᠯᠤᠮᠵᠢ ᠶᠢᠨ ᠲᠡᠮᠳᠡᠭ ᠢᠯᠡᠷᠭᠡᠶᠢᠯᠡᠯ ᠢ ᠨᠠᠭᠠᠵᠤ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠦᠢᠯᠡᠴᠢᠯᠡᠭᠡᠨ ᠤ ᠠᠵᠢᠯᠲᠠᠨ ᠲᠣᠬᠢᠷᠠᠭᠤᠯᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠯᠠᠪᠯᠠᠯᠭ᠎ᠠ᠂ ᠵᠢᠯᠣᠭᠤᠳᠤᠯᠭ᠎ᠠ ᠶᠢ ᠬᠠᠷᠢᠭᠤᠴᠠᠭᠤᠯᠵᠤ᠂ ᠡᠮᠴᠢᠯᠡᠭᠦᠯᠵᠦ ᠡᠮ ᠬᠤᠳᠠᠯᠳᠤᠨ ᠠᠪᠬᠤ ᠬᠥᠮᠥᠰ ᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠨ ᠬᠡᠷᠡᠭᠯᠡᠬᠦ ᠶᠢ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠬᠡᠷᠡᠭᠲᠡᠢ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠠᠴᠠ ᠲᠤᠰᠬᠠᠢ ᠬᠥᠮᠥᠨ ᠲᠣᠭᠲᠠᠭᠠᠵᠤ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠠᠵᠢᠯ ᠢ ᠬᠠᠷᠢᠭᠤᠴᠠᠭᠤᠯᠵᠤ᠂ ᠱᠠᠭᠠᠷᠳᠠᠯᠭ᠎ᠠ ᠶᠣᠰᠣᠭᠠᠷ ᠡᠳᠦᠷ ᠪᠦᠷᠢ 17᠄ 00  ᠠᠴᠠ ᠡᠮᠦᠨ᠎ᠡ ᠡᠮᠴᠢᠯᠡᠭᠡᠨ ᠤ ᠳᠠᠭᠠᠳᠬᠠᠯ ᠤᠨ ᠳᠣᠲᠣᠭᠠᠳᠤ ᠰᠦᠯᠵᠢᠶ᠎ᠡ ᠶᠢᠨ OA ᠰᠢᠰᠲ᠋ᠧᠮ ᠢᠶᠠᠷ ᠳᠠᠭᠠᠳᠬᠠᠯ ᠳᠤ ᠣᠷᠤᠯᠴᠠᠭᠰᠠᠨ ᠵᠡᠷᠭᠡ ᠬᠤᠯᠪᠤᠭᠳᠠᠯ ᠪᠦᠬᠦᠢ ᠪᠦᠷᠢᠳᠬᠡᠯ ᠤᠨ ᠬᠦᠰᠦᠨᠦᠭᠲᠦ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃      ︵ᠬᠤᠶᠠᠷ︶ ᠡᠯ᠎ᠡ ᠬᠤᠰᠢᠭᠤ ᠰᠢᠶᠠᠨ ᠲᠣᠭᠤᠷᠢᠭ ᠨᠢ ᠦᠨᠳᠦᠰᠦᠨ ᠱᠠᠲᠤᠨ ᠤ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ᠃ 2022 ᠣᠨ ᠤ 8 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ᠂ ᠨᠢᠭᠡᠳᠦᠯᠲᠡᠢ ᠲᠥᠯᠥᠪᠯᠡᠨ ᠠᠬᠢᠭᠤᠯᠵᠤ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ︔ ᠳᠣᠯᠤᠭᠠᠨ ᠲᠥᠷᠥᠯ ᠤᠨ ᠬᠦᠴᠢᠷᠳᠡᠯ ᠲᠠᠢ ᠬᠦᠮᠦᠰ ᠤᠨ ᠬᠥᠳᠡᠯᠦᠩᠭᠦᠢ ᠪᠠᠷ ᠳᠠᠭᠠᠳᠬᠠᠯ ᠳᠤ ᠣᠷᠤᠯᠴᠠᠬᠤ ᠠᠵᠢᠯ ᠢ ᠪᠣᠳᠠᠲᠠᠢ ᠰᠠᠶᠢᠲᠤᠷ ᠬᠢᠵᠦ᠂ ᠰᠠᠷ᠎ᠠ ᠪᠦᠷᠢ ᠶᠢᠨ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 100 % ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︔11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠤᠭᠰᠠᠨ ᠨᠣᠷᠮ᠎ᠠ ᠶᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢᠨ 90% ᠳᠤ ᠬᠦᠷᠦᠭᠦᠯᠬᠦ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃      ︵ᠭᠤᠷᠪᠠ︶ ᠬᠤᠯᠪᠤᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠮᠠᠭᠠᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠷᠭ᠎ᠠ ᠬᠡᠮᠵᠢᠶ᠎ᠡ ᠠᠪᠴᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ  ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃                     ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2022 ᠣᠨ ᠤ 8 ᠳ᠋ᠤᠭᠠᠷ ᠰᠠᠷ᠎ᠠ ᠶᠢᠨ 16 ᠤ ᠡᠳᠦᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号