ᠲᠠᠪᠤᠨᠰᠠᠶᠢᠨ ᠰᠢᠶᠠᠩ ᠤᠨ ᠮᠠᠶᠢᠬᠠᠨ ᠲᠣᠰᠬᠤᠨ ᠤ ᠠᠯᠲᠠᠨ ᠤ ᠪᠡᠯᠡᠳᠬᠡᠮᠵᠢᠲᠦ ᠢᠳᠡᠰᠢᠨ ᠨᠣᠭᠤᠭᠠᠨ ᠤ ᠰᠠᠭᠤᠷᠢᠨ ᠭᠠᠵᠠᠷ
ᠨᠡᠶᠢᠲᠡᠯᠡᠭᠰᠡᠨ ᠴᠠᠭ᠄
2022/12/23
     ᠣᠶᠢᠷ᠎ᠠ ᠳᠤ᠂ ᠲᠠᠪᠤᠨᠰᠠᠶᠢᠨ ᠰᠢᠶᠠᠩ ᠤᠨ ᠮᠠᠶᠢᠬᠠᠨ ᠲᠣᠰᠬᠤᠨ ᠤ ᠠᠯᠲᠠᠨ ᠤ ᠪᠡᠯᠡᠳᠬᠡᠮᠵᠢᠲᠦ ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ ᠨᠡᠷᠡᠨ ᠬᠦᠯᠡᠮᠵᠢ ᠳᠤ᠂ ᠠᠵᠢᠯᠴᠢᠳ ᠶᠠᠭ ᠲᠥᠪᠡᠳ ᠬᠠᠰᠢ ᠶᠢᠨ ᠰᠢᠷᠠᠯᠠᠭᠰᠠᠨ ᠰᠠᠯᠠᠭ᠎ᠠ ᠨᠠᠮᠠᠭ᠎ᠠ ᠶᠢ ᠨᠢ ᠠᠷᠢᠯᠭᠠᠵᠤ  ᠂ ᠬᠦᠯᠡᠮᠵᠢ ᠳᠤ ᠨᠣᠭᠤᠭᠠᠨ ᠤᠷᠭᠤᠮᠠᠯ ᠢᠶᠠᠷ ᠲᠦᠭᠦᠷᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃      ᠣᠶᠢᠯᠠᠭᠠᠭᠰᠠᠨ ᠢᠶᠠᠷ᠂ ᠮᠠᠶᠢᠬᠠᠨ ᠲᠣᠰᠬᠤᠨ ᠤ ᠨᠡᠷᠡᠨ ᠬᠦᠯᠡᠮᠵᠢ ᠶᠢᠨ ᠲᠥᠷᠥᠯ ᠵᠦᠢᠯ ᠤᠨ ᠡᠵᠡᠯᠡᠬᠦ ᠭᠠᠵᠠᠷ  ᠨᠢ ᠴᠥᠮ ᠮᠠᠰᠢ ᠶᠡᠭᠡ ᠬᠤᠵᠢᠷ ᠪᠠᠢ ᠭᠠᠵᠠᠷ ᠪᠠᠶᠢᠵᠤ᠂ 517.3 ᠮᠦ ᠲᠠᠯᠠᠪᠠᠢ ᠲᠠᠢ᠂ ᠣᠳᠣᠬᠠᠨ ᠳᠤ ᠰᠢᠯᠵᠢᠭᠦᠯᠵᠦ ᠪᠣᠯᠬᠤ ᠳᠤᠯᠠᠭᠠᠨ ᠬᠠᠳᠠᠭᠠᠯᠠᠬᠤ ᠪᠦᠷᠬᠦᠭᠦᠯ ᠤᠨ ᠪᠦᠲᠦᠴᠡ ᠲᠠᠢ ᠨᠡᠷᠡᠨ ᠬᠦᠯᠡᠮᠵᠢ 64 ᠪᠠᠶᠢᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠪᠠᠷ ᠭᠤᠣᠯ ᠪᠣᠯᠭᠠᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢᠶᠠᠷ ᠳᠠᠮᠵᠢᠭᠤᠯᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠪᠠ ᠬᠥᠲᠥᠯᠥᠨ ᠳᠠᠭᠠᠭᠤᠯᠵᠤ ᠪᠠᠶᠢᠨ᠎ᠠ᠃ ᠰᠤᠷᠪᠤᠯᠵᠢᠯᠠᠭᠴᠢ ᠯᠢᠦ ᠬᠤᠢ ᠬᠤᠢ ᠴᠢᠮᠡᠭᠡᠯᠡᠭᠴᠢ ᠭᠤᠤ ᠵᠧ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号