ᠬᠤᠲᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ  ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠭᠠᠷ ᠤᠨ ᠥᠰᠥᠭ ᠵᠢᠷᠤᠬᠤ ᠶᠣᠰᠣᠯᠠᠯ ᠬᠢᠪᠡ
ᠨᠡᠶᠢᠲᠡᠯᠡᠭᠰᠡᠨ ᠴᠠᠭ᠄
2022/12/26
ᠪᠣᠣ ᠭᠠᠩ  ᠾᠧ ᠬᠠᠢ ᠳ᠋ᠦᠩ ᠣᠷᠣᠯᠴᠠᠪᠠ     12 ᠳ᠋ᠤᠭᠠᠷ ᠰᠠᠷ᠎ᠠ ᠶᠢᠨ 23 ᠤ ᠦᠳᠡ ᠶᠢᠨ ᠡᠮᠦᠨ᠎ᠡ᠂ ᠬᠤᠳᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠲᠤᠰ ᠲᠤᠰ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠪᠣᠯᠣᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ  ᠲᠣᠭᠲᠠᠪᠠ᠃      ᠵᠠᠮ ᠬᠠᠷᠢᠯᠴᠠᠭᠠᠨ ᠤ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠯᠢᠦ ᠵᠢᠶᠦ᠋ᠨ ᠠᠯᠤᠰ ᠠᠴᠠ ᠸᠢᠳᠢᠤ᠋ ᠪᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠣᠷᠣᠯᠴᠠᠪᠠ᠃      ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠮᠧᠩ ᠵᠧᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠲᠠᠢ ᠲᠣᠰ ᠲᠣᠰ ᠵᠥᠪᠯᠡᠯᠴᠡᠭᠡᠷ ᠲᠣᠭᠲᠠᠪᠠ᠃      ᠵᠥᠪᠯᠡᠯᠴᠡᠭᠡᠷ ᠲᠣᠭᠲᠠᠬᠤ ᠠᠴᠠ ᠡᠮᠦᠨ᠎ᠡ᠂ ᠯᠢᠦ ᠵᠢᠶᠦ᠋ᠨ ᠪᠣᠣ ᠭᠠᠩ ᠲᠠᠢ ᠰᠦᠯᠵᠢᠶᠡᠨ ᠳᠡᠭᠡᠷ᠎ᠡ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠭᠰᠡᠭᠡᠷ ᠢᠷᠡᠭᠰᠡᠨ ᠳᠤ ᠬᠠᠷᠢᠯᠴᠠᠨ ᠲᠠᠯᠠᠷᠬᠠᠵᠤ᠂ ᠵᠠᠮ ᠬᠠᠷᠢᠯᠴᠠᠭᠠᠨ ᠤ ᠪᠠᠩᠬᠢ ᠶᠢᠨ ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠲᠦᠷᠦᠯ ᠵᠦᠢᠯ ᠪᠠᠶᠢᠭᠤᠯᠤᠭᠳᠠᠵᠤ ᠭᠠᠷ ᠤᠨ ᠦᠰᠦᠭ ᠵᠢᠷᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ᠂ ᠤᠯᠠᠨ ᠬᠦᠷᠢᠶᠡᠨ ᠤ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃      ᠣᠶᠢᠯᠠᠭᠠᠭᠰᠠᠨ ᠢᠶᠠᠷ᠂ ᠲᠣᠰ  ᠤᠳᠠᠭ᠎ᠠ ᠲᠣᠭᠲᠠᠭᠰᠠᠨ ᠵᠥᠪᠯᠡᠯᠴᠡᠭᠡᠷ ᠲᠤ ᠬᠤᠷᠢᠨᠭᠡᠷ ᠰᠢᠨ᠎ᠡ ᠲᠣᠭᠤᠷᠢᠭ ᠲᠤ ᠣᠷᠣᠵᠤ ᠰᠠᠭᠤᠭᠰᠠᠨ ᠵᠠᠮ ᠬᠠᠷᠢᠯᠴᠠᠭᠠᠨ ᠤ ᠪᠠᠩᠬᠢ ᠶᠢᠨ ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠵᠢᠴᠢ ᠬᠥᠬᠡᠬᠤᠲᠠ ᠬᠢᠭᠡᠳ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠥᠭᠵᠢᠯᠲᠡ᠂ ︽ᠣᠶᠤᠨᠲᠤ ᠬᠥᠬᠡᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠪᠤᠳᠠᠳᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠪᠠ ᠭᠤᠣᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠠᠭᠲᠠᠭᠠᠵᠠᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠣᠷᠣᠯᠴᠠᠵᠠᠢ᠃︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号