︵ᠰᠤᠷᠪᠤᠯᠵᠢᠯᠠᠭᠴᠢ ᠠᠨ ᠶᠢᠨ ᠳ᠋ᠦᠩ︶ 12 ᠳ᠋ᠤᠭᠠᠷ ᠰᠠᠷ᠎ᠠ ᠶᠢᠨ 25 ᠤ ᠡᠳᠦᠷ᠂ ᠸᠠᠩ ᠯᠢ ᠰᠢᠶᠠ | ᠬᠥᠬᠡᠬᠤᠲᠠ ᠳᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠴᠠᠭᠠᠨ ᠰᠤᠳᠤᠯᠪᠠ᠃ | ᠸᠠᠩ ᠯᠢ ᠰᠢᠶᠠ ᠲᠤᠰ ᠲᠤᠰ ᠪᠤᠭᠤᠲᠤ ᠶᠡᠭᠡ ᠵᠡᠭᠡᠯᠢ᠂ ᠦᠬᠠᠢ ᠵᠡᠭᠦᠨ ᠵᠡᠭᠡᠯᠢ᠂ ᠶᠢᠨ ᠱᠧᠩ ᠶᠡᠭᠡ | ᠬᠥᠭᠦᠷᠭᠡ ᠶᠢᠨ ᠡᠮᠦᠨ᠎ᠡ ᠬᠡᠰᠡᠭ᠂ ᠵᠤᠤ ᠤᠳᠠ ᠵᠠᠮ ᠤᠨ ᠡᠮᠦᠨᠡᠰᠢ ᠰᠤᠨᠤᠭᠰᠠᠨ ᠬᠡᠰᠡᠭ᠂ ᠬᠢᠩᠭᠠᠨ ᠡᠮᠦᠨ᠎ᠡ ᠵᠠᠮ | ᠵᠡᠷᠭᠡ ᠵᠠᠮ ᠤᠨ ︽ᠲᠦᠭᠵᠢᠷᠡᠯ︾ ᠲᠠᠢ ᠬᠡᠰᠡᠭ ᠤᠨ ᠲᠡᠷᠭᠡ ᠨᠡᠪᠲᠡᠷᠡᠭᠰᠡᠨ ᠪᠠᠶᠢᠳᠠᠯ ᠢ ᠪᠠᠶᠢᠴᠠᠭᠠᠨ ᠰᠤᠳᠤᠯᠵᠠᠢ᠃ | ᠲᠡᠷᠡ ᠴᠢᠬᠤᠯᠠᠴᠢᠯᠠᠭᠰᠠᠨ ᠨᠢ᠂ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠮᠥᠨ᠂ ︽ᠲᠠᠰᠤᠷᠬᠠᠢ ᠵᠠᠮ︾ ᠢ ᠤᠯᠠᠮ ᠨᠢᠭᠡ ᠠᠯᠬᠤᠮ ᠨᠠᠪᠲᠠᠷᠡᠭᠦᠯᠵᠦ᠂ ︽ᠪᠢᠴᠢᠯ | ᠣᠷᠴᠢᠯ︾ ᠢ ᠰᠠᠭᠠᠳ ᠦᠭᠡᠢ ᠨᠠᠪᠲᠠᠷᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ | ᠲᠥᠬᠦᠮ ᠦᠵᠡᠭᠦᠯᠬᠦ ᠬᠡᠷᠡᠭᠲᠡᠢ ᠭᠡᠵᠡᠢ᠃ | ᠸᠠᠩ ᠯᠢ ᠰᠢᠶᠠ ᠭᠤᠷᠪᠠᠳᠤᠭᠠᠷ ᠲᠣᠭᠤᠷᠢᠯ ᠵᠠᠮ ᠤᠨ ᠡᠮᠦᠨ᠎ᠡ ᠱᠤᠭᠤᠮ᠂ ᠬᠤᠷᠴᠢᠨ ᠵᠥᠷᠢᠯᠢᠭ ᠬᠥᠭᠦᠷᠭᠡ᠂ | ᠬᠥᠬᠡᠬᠤᠲᠠ ᠵᠡᠭᠦᠨᠭᠠᠷ ᠤᠨ ᠵᠥᠷᠢᠯᠢᠭ ᠬᠥᠭᠦᠷᠭᠡ᠂ ᠶᠢᠨ ᠬᠠᠢ ᠵᠠᠮ ᠤᠨ ᠵᠡᠭᠦᠨᠰᠢ ᠰᠣᠨᠣᠭᠰᠠᠨ ᠬᠡᠰᠡᠭ ᠵᠡᠷᠭᠡ ᠵᠠᠮ ᠤᠨ | ᠲᠡᠷᠭᠡ ᠨᠡᠪᠲᠡᠷᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠸᠠᠩ ᠯᠢ ᠰᠢᠶᠠ | ᠬᠡᠯᠡᠬᠦ ᠳᠡᠭᠡᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠠᠴᠠ ᠡᠭᠦᠰᠴᠦ᠂ ᠨᠠᠷᠢᠨ | ᠨᠢᠮᠪᠠᠢ ᠲᠥᠯᠥᠪᠯᠡᠵᠦ᠂ ᠣᠨᠴᠠᠯᠢᠭ ᠢᠶᠠᠨ ᠲᠤᠪᠤᠶᠢᠯᠭᠠᠵᠦ᠂ ᠬᠠᠷᠢᠯᠴᠠᠨ ᠨᠡᠪᠲᠡᠷᠡᠯᠴᠡᠬᠦ ᠵᠥᠷᠢᠯᠢᠭ ᠬᠥᠭᠦᠷᠭᠡ ᠵᠡᠷᠭᠡ | ᠵᠠᠩᠭᠢᠯᠠᠭ᠎ᠠ ᠶᠢᠨ ᠴᠡᠭ ᠲᠤ ᠨᠣᠭᠤᠭᠠᠷᠠᠭᠤᠯᠬᠤ᠂ ᠭᠡᠷᠡᠯᠲᠦᠭᠦᠯᠬᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠳᠠ ᠥᠨᠢᠷ ᠪᠠᠶᠠᠯᠢᠭ ᠲᠠᠯ᠎ᠠ ᠶᠢᠨ ᠬᠤᠳᠠ︾ | ᠶᠢᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠮᠠ ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠢ ᠳᠤ᠂ ᠸᠠᠩ ᠯᠢ ᠰᠢᠶᠠ ᠮᠥᠰᠥ ᠴᠠᠰᠤᠨ ᠤ | ᠤᠯᠠᠷᠢᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠴᠠᠨᠠᠯᠠᠯᠲᠠ ᠶᠢᠨ ᠲᠠᠯᠠᠪᠠᠢ ᠶᠢᠨ ᠰᠢᠨ᠎ᠡ ᠪᠠᠷ ᠥᠷᠭᠡᠳᠬᠡᠨ | ᠪᠠᠶᠢᠭᠤᠯᠬᠤ ᠲᠦᠷᠦᠯ ᠵᠦᠢᠯ ᠵᠢᠴᠢ ᠮᠥᠰᠥ ᠴᠠᠰᠤᠨ ᠤ ᠤᠯᠠᠷᠢᠯ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ | ᠣᠶᠢᠯᠠᠭᠠᠵᠤ᠂ ᠭᠥᠯᠢᠶᠡᠨ ᠠᠪᠬᠤ ᠲᠥᠪ ᠤᠨ ᠬᠤᠭᠤᠯᠠᠨ ᠭᠡᠷ ᠤᠨ ᠬᠤᠭᠤᠯᠠ ᠪᠤᠳᠠᠭᠠᠨ ᠤ ᠦᠨ᠎ᠡ ᠶᠢ | ᠠᠰᠠᠭᠤᠬᠤ ᠶᠢᠨ ᠬᠠᠮᠲᠤ ᠴᠠᠨᠠᠯᠠᠯᠲᠠ ᠳᠤ ᠪᠠᠭ᠋ᠠᠲᠠᠢ ᠬᠥᠮᠥᠰ ᠲᠠᠢ ᠳᠣᠲᠣᠨᠣ ᠪᠠᠷ ᠶᠠᠷᠢᠯᠴᠠᠪᠠ᠃ ᠲᠡᠷᠡ ᠬᠡᠯᠡᠬᠦ ᠳᠡᠭᠡᠨ᠂ | ᠴᠠᠨᠠᠯᠠᠯᠲᠠ ᠶᠢᠨ ᠲᠠᠯᠠᠪᠠᠶ ᠨᠢ ᠳᠥᠷᠪᠡᠨ ᠤᠯᠠᠷᠢᠯ ᠤᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ︽ᠬᠦᠢᠲᠡᠨ ᠤ | ᠡᠬᠢ ᠪᠠᠶᠠᠯᠢᠭ︾ ᠢ ᠦᠷᠭᠦᠯᠵᠢᠯᠡᠨ ᠬᠥᠭᠵᠢᠭᠡᠬᠦ ᠬᠡᠷᠡᠭᠲᠡᠢ ᠭᠡᠵᠡᠢ᠃ | ᠪᠣᠣ ᠭᠠᠩ ᠠᠵᠢᠯᠯᠠᠭ᠎ᠠ ᠳᠤ ᠣᠷᠣᠯᠴᠠᠪᠠ᠃ |