ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠬᠥᠭᠵᠢᠯᠲᠦ | ᠬᠥᠬᠡᠬᠤᠲᠠ ᠶᠢᠨ ᠰᠠᠢᠬᠠᠨ ᠲᠣᠭᠤᠷᠢᠭ ᠤᠨ ᠬᠥᠮᠥᠨ ᠴᠢᠯᠠᠭᠤᠨ ᠲᠣᠬᠤᠢ ᠲᠤᠰᠬᠤᠨ ᠪᠤᠯ ᠬᠦᠬᠡᠬᠤᠳᠠ ᠶᠢᠨ | ᠶᠡᠭᠡ ᠲᠦᠷᠭᠡᠨ ᠭᠤᠤᠯ ᠤᠨ ᠡᠬᠢ ᠠᠪᠤᠭᠰᠠᠨ ᠭᠠᠵᠠᠷ ᠤᠨ ᠨᠢᠭᠡ ᠪᠠᠶᠢᠵᠤ᠂ ᠦᠯᠢᠭᠡᠷ ᠲᠤᠮᠤᠭᠳᠦ ᠠᠭᠤᠯᠠ ᠬᠠᠳᠠ᠂ | ᠰᠠᠬᠤᠯᠢᠭ ᠤᠷᠭᠤᠭᠰᠠᠨ ᠣᠢ ᠮᠣᠳᠣ᠂ ᠵᠦᠯᠬᠡᠳᠦ ᠲᠠᠯ᠎ᠠ ᠲᠤᠩᠭᠠᠯᠠᠭ ᠭᠤᠷᠤᠬ᠎ᠠ ᠨᠢ ᠡᠳᠡᠭᠡᠳ ᠰᠠᠶᠢᠬᠠᠨ ᠦᠩᠬᠡ | ᠦᠵᠡᠮᠵᠢ ᠶᠢ ᠪᠦᠷᠢᠳᠦᠬᠦᠯᠵᠦ᠂ ᠬᠦᠬᠡᠬᠤᠳᠠ ᠶᠢᠨ ᠰᠠᠭᠤᠭᠠᠯᠢ ᠠᠷᠠᠳ ᠤᠨ ᠬᠦᠷᠢᠶᠡᠯᠡᠯ ᠢ ᠤᠯᠤᠭᠰᠠᠨ | ᠵᠢᠭᠤᠯᠴᠢᠯᠠᠯ ᠤᠨ ᠬᠦᠭᠵᠢᠶᠡᠨᠳᠤ ᠭᠠᠵᠠᠷ ᠪᠤᠯᠵᠠᠢ᠃ ᠢᠯᠠᠩᠭᠤᠶ᠎ᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ | ᠰᠤᠷᠭᠠᠨ ᠬᠥᠮᠦᠵᠢᠯ ᠤᠨ ᠰᠠᠭᠤᠷᠢᠨ ᠳᠠᠭᠠᠨ ᠳᠡᠯᠭᠡᠨ ᠦᠵᠡᠬᠦᠯᠵᠤ ᠪᠠᠶᠢᠭ᠎ᠠ ᠡᠯᠳᠡᠪ ᠪᠣᠳᠠᠰ ᠪᠠ ᠵᠠᠭᠪᠤᠷ ᠨᠢ | ᠵᠢᠭᠤᠯᠴᠢᠯᠠᠭᠴᠢᠳ ᠲᠤ ᠲᠤᠬᠠᠢ ᠶᠢᠨ ᠭᠠᠵᠠᠷ ᠤᠨ ᠵᠠᠩ ᠦᠢᠯᠡ ᠰᠣᠶᠣᠯ ᠢ ᠣᠶᠢᠯᠠᠭᠠᠭᠤᠯᠬᠤ ᠶᠢᠨ ᠬᠠᠮᠲᠤ ᠪᠠᠰᠠ | ᠡᠬᠡ ᠪᠠᠶᠢᠭᠠᠯᠢ ᠶᠢᠨ ᠭᠠᠶᠢᠬᠠᠮᠰᠢᠭ ᠢ ᠬᠠᠷᠠᠭᠤᠯᠤᠨ᠎ᠠ᠃ | ᠬᠦᠬᠡᠬᠤᠳᠠ ᠶᠢᠨ ᠰᠢᠨ᠎ᠡ ᠬᠤᠲᠠ ᠲᠣᠭᠤᠷᠢᠭ ᠤᠨ ᠣᠪᠣᠭ᠎ᠠ ᠲᠣᠰᠬᠤᠨ᠂ ᠬᠤᠲᠣᠩ ᠠᠷᠠᠳ ᠤᠨ | ᠲᠣᠭᠤᠷᠢᠭ ᠤᠨ ᠮᠣᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠬᠤᠷᠢᠨᠭᠡᠷ ᠰᠢᠶᠠᠨ ᠤ | ᠱᠧᠩ ᠯᠧ ᠪᠠᠯᠭᠠᠰᠤ ᠶᠢᠨ ᠲᠠᠶᠢᠵᠢ ᠶᠢᠨ ᠠᠵᠢᠯ ᠲᠣᠰᠬᠤᠨ ᠳᠤ ᠪᠠᠶᠢᠳᠠᠭ ᠳᠤᠮᠳᠠᠳᠤ ᠶᠢᠨ ᠤᠯᠠᠮᠵᠢᠯᠠᠯᠲᠤ | ᠰᠣᠶᠣᠯ ᠤᠨ ᠬᠡᠷᠡᠮ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠨᠢ ᠵᠢᠭᠤᠯᠴᠢᠯᠠᠭᠰᠠᠳ ᠲᠤ ᠵᠢᠶᠠᠩᠨᠠᠨ | ᠨᠤᠲᠤᠭ ᠤᠨ ᠵᠠᠩ ᠦᠢᠯᠡ᠂ ᠣᠪᠣᠭ᠎ᠠ ᠲᠣᠰᠬᠤᠨ ᠤ ᠲᠡᠦᠬᠡ᠂ ᠠᠷᠠᠳ ᠤᠨ ᠵᠠᠩ ᠵᠠᠩᠰᠢᠯ᠂ ᠲᠤᠮᠳᠠᠳᠦ ᠶᠢᠨ | ᠰᠢᠯᠢᠳᠡᠭ ᠤᠯᠠᠮᠵᠢᠯᠠᠯᠳᠦ ᠰᠣᠶᠣᠯ ᠢ ᠣᠶᠢᠯᠠᠭᠠᠭᠤᠯᠤᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠠᠪᠤᠴᠠ ᠳᠠᠭᠠᠨ ᠰᠣᠶᠣᠯ ᠤᠨ ᠪᠠᠶᠢᠭᠤᠯᠤᠯᠲᠠ ᠶᠢ ᠡᠯ᠎ᠡ ᠭᠤᠭᠴᠣᠭᠠᠨ ᠳᠤ ᠲᠤᠭᠤᠰᠢᠯᠠᠭᠤᠯᠵᠤ᠂ ᠭᠠᠵᠠᠷ ᠣᠷᠣᠨ ᠤ | ᠪᠤᠳᠠᠳᠤ ᠪᠠᠶᠢᠳᠠᠯ ᠳᠠᠭᠠᠨ ᠲᠤᠬᠢᠷᠠᠭᠤᠯᠤᠨ᠂ ︽ᠨᠢᠭᠡ ᠲᠣᠰᠬᠤᠨ ᠨᠢᠭᠡ ᠲᠥᠷᠥᠯ ᠲᠡᠮᠳᠡᠭ︾ ᠪᠦᠬᠦᠢ ᠬᠥᠳᠡᠭᠡ | ᠲᠣᠰᠬᠤᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠥᠷᠭᠡᠨ ᠤᠯᠠᠨ ᠲᠦᠮᠡᠨ ᠤ ᠣᠷᠣᠯᠭ᠎ᠠ ᠶᠢ ᠳᠠᠰᠤᠷᠠᠯᠳᠠ ᠦᠭᠡᠢ | ᠨᠡᠮᠡᠭᠳᠡᠭᠦᠯᠪᠡ᠃ | ᠣᠳᠣ ᠬᠥᠬᠡᠬᠤᠲᠠ ᠶᠢᠨ ᠡᠯ᠎ᠡ ᠰᠢᠶᠠᠩ ᠪᠠᠯᠭᠠᠰᠤ ᠲᠣᠰᠬᠤᠨ ᠤᠳ ᠴᠥᠮ ᠰᠣᠶᠣᠯ ᠤᠨ ᠥᠷᠲᠡᠭᠡ᠂ | ᠰᠣᠶᠣᠯ ᠤᠨ ᠶᠡᠭᠡ ᠬᠦᠷᠢᠶ᠎ᠡ ᠪᠠ ᠰᠣᠶᠣᠯ ᠤᠨ ᠳᠠᠰᠤᠭ ᠪᠠᠶᠢᠭᠤᠯᠵᠤ᠂ ᠤᠯᠠᠮᠵᠢᠯᠠᠯᠲᠤ ᠨᠤᠲᠤᠭ ᠤᠨ ᠰᠣᠶᠣᠯ ᠢ | ᠴᠢᠷᠮᠠᠶᠢᠨ ᠠᠭᠤᠳᠠᠯᠵᠤ ᠲᠡᠯᠭᠡᠷᠡᠬᠦᠯᠦᠨ᠂ ᠠᠵᠢᠯ ᠤᠨ ᠰᠡᠯᠡᠭᠦᠦ ᠴᠠᠭ ᠢᠶᠠᠷ ᠢᠶᠠᠨ ᠰᠣᠶᠣᠯ ᠤᠨ ᠥᠷᠲᠡᠭᠡ ᠲᠠᠰᠤᠭ ᠲᠤ | ᠬᠦᠷᠴᠦ ᠮᠡᠳᠡᠯᠭᠡ ᠮᠡᠷᠭᠡᠵᠢᠯ ᠰᠤᠷᠴᠤ᠂ ᠰᠡᠯᠡᠭᠦᠴᠡᠨ ᠵᠤᠭᠠᠯᠠᠬᠤ ᠨᠢ ᠨᠢᠭᠡᠨᠲᠡ ᠰᠢᠨ᠎ᠡ ᠰᠡᠪᠡᠭᠦᠨ ᠶᠠᠪᠤᠳᠠᠯ ᠪᠢᠰᠢ | ᠪᠣᠯᠵᠠᠢ᠃ ᠡᠭᠦᠨ ᠤ ᠬᠠᠮᠳᠤ ᠬᠥᠬᠡᠬᠤᠲᠠ ᠶᠢᠨ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠦᠪᠰᠢᠨ ᠴᠦ ᠲᠠᠰᠤᠷᠠᠯᠲᠠ ᠦᠭᠡᠢ ᠳᠡᠭᠡᠭᠰᠢᠯᠡᠵᠦ᠂ ᠪᠣᠶᠢᠳᠠ ᠪᠥᠭᠯᠡᠭᠦᠦ ᠭᠠᠵᠠᠷ ᠣᠷᠣᠨ᠂ | ᠵᠢᠵᠢᠭ ᠲᠣᠰᠬᠤᠨ ᠳᠤ ᠰᠣᠶᠣᠯ ᠢ ᠬᠦᠷᠭᠡᠬᠦ᠂ ᠰᠢ ᠵᠦᠴᠦᠭᠡ ᠺᠢᠨᠣ᠋ ᠭᠠᠷᠭᠠᠬᠤ᠂ ᠨᠣᠮ ᠪᠢᠴᠢᠭ ᠤᠨ ᠨᠡᠭᠦᠳᠡᠯ | ᠦᠢᠯᠡᠴᠢᠯᠡᠭᠡ ᠬᠠᠩᠭᠠᠬᠤ ᠵᠡᠷᠭᠡ ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠲᠠᠰᠤᠷᠠᠯᠲᠠ ᠥᠬᠡᠶ ᠥᠷᠨᠢᠭᠦᠯᠵᠦ | ᠪᠠᠶᠢᠬᠤ ᠪᠠᠷ ᠪᠠᠷᠠᠬᠤ ᠦᠬᠡᠢ ᠵᠢᠯ ᠪᠤᠯᠭᠠᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢᠶᠠᠷ | ᠲᠠᠮᠵᠢᠨ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠳᠦ ᠲᠥᠷᠥᠭᠳᠡᠯ ᠢ ᠶᠡᠭᠡ ᠪᠠᠷ | ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠦᠭ ᠰᠦᠨᠡᠰᠦ ᠶᠢ ᠱᠤᠭᠤᠭᠰᠠᠨ | ᠪᠠᠶᠢᠨ᠎ᠠ᠃ |