ᠨᠢᠳᠤᠨᠤᠨ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ 222311.45 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2022/2/8
      ︵ᠰᠤᠷᠪᠤᠯᠵᠢᠯᠠᠭᠴᠢ ᠰᠥᠩ ᠰᠢᠶᠠᠩ ᠬᠤᠸᠠ︶ ᠨᠢᠳᠤᠨᠤᠨ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ 222311.45 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠦᠷᠢ ᠪᠡᠯᠡ ᠮᠥᠩᠭᠦ 206094.85 ᠲᠦᠮᠡᠨ ᠲᠥᠭᠦᠷᠢᠭ᠂ 92.71% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 16216.60 ᠲᠦᠮᠡᠨ ᠲᠥᠭᠦᠷᠢᠭ᠂ 7.29% ᠶᠢ ᠡᠵᠡᠯᠡᠪᠡ᠃      ᠪᠡᠯᠡ ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠨᠢ ᠨᠡᠶᠢᠲᠡ 9 ᠬᠦᠷᠢᠶ᠎ᠡ ᠴᠠᠷᠠᠭ᠎ᠠ ᠶᠢᠨ 61 ᠲᠥᠷᠥᠯ ᠤᠨ 79 ᠵᠦᠢᠯ ᠳᠤ ᠬᠤᠯᠪᠣᠭᠳᠠᠪᠠ᠃ ᠡᠭᠦᠨ ᠳᠤ᠂ ᠲᠠᠷᠬᠠᠭᠠᠭᠰᠠᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠣᠯᠬᠤ ᠨᠢ ᠭᠤᠣᠯᠳᠠᠭᠤ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠪᠡᠯᠡ ᠮᠥᠩᠭᠦ ᠪᠣᠯᠣᠨ᠎ᠠ᠂ ᠲᠤᠬᠠᠶᠢᠯᠠᠪᠠᠯ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠤᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠢ ᠶᠢᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠵᠢᠴᠢ ᠲᠥᠯᠥᠪᠯᠡᠭᠡᠲᠦ ᠦᠷᠡᠵᠢᠯ ᠤᠨ ᠨᠥᠬᠦᠪᠦᠷᠢ ᠪᠣᠯᠣᠨ᠎ᠠ᠃ 2021 ᠣᠨ ᠳᠤ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 108731.89 ᠲᠦᠮᠡᠨ ᠲᠥᠭᠦᠷᠢᠭ ᠲᠠᠷᠬᠠᠭᠠᠵᠤ᠂ 48.91% ᠶᠢ ᠡᠵᠡᠯᠡᠪᠡ︔ ᠲᠠᠷᠢᠶᠠᠯᠠᠩ ᠤᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ 66196.36 ᠲᠦᠮᠡᠨ ᠲᠥᠭᠦᠷᠢᠭ ᠲᠠᠷᠬᠠᠭᠠᠵᠤ᠂ 29.78% ᠶᠢ ᠡᠵᠡᠯᠡᠪᠡ︔ ᠴᠠᠯᠢᠩ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ 16700.47 ᠲᠦᠮᠡᠨ ᠲᠥᠭᠦᠷᠢᠭ ᠲᠠᠷᠬᠠᠭᠠᠵᠤ᠂ 7.51% ᠶᠢ ᠡᠵᠡᠯᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 14786.15 ᠲᠦᠮᠡᠨ ᠲᠥᠭᠦᠷᠢᠭ ᠲᠠᠷᠬᠠᠭᠠᠵᠤ᠂ 6.65% ᠶᠢ ᠡᠵᠡᠯᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 8516.92 ᠲᠦᠮᠡᠨ ᠲᠥᠭᠦᠷᠢᠭ ᠲᠠᠷᠬᠠᠭᠠᠵᠤ᠂ 3.83% ᠶᠢ ᠡᠵᠡᠯᠡᠪᠡ︔᡽ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠦᠷᠦᠯ ᠤᠨ ᠨᠥᠬᠦᠪᠦᠷᠢ ᠪᠡᠯᠡ ᠮᠥᠩᠭᠦ 5930.24 ᠲᠦᠮᠡᠨ ᠲᠥᠭᠦᠷᠢᠭ ᠲᠠᠷᠬᠠᠭᠠᠵᠤ᠂ 2.67 % ᠶᠢ ᠡᠵᠡᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号