ᠬᠥᠬᠡᠬᠤᠲᠠ ᠶᠢᠨ ᠨᠣᠮ ᠤᠨ ᠰᠠᠩ ᠡᠴᠡ ᠮᠠᠰᠢᠨ ᠢᠶᠠᠷ ᠦᠨᠡᠮᠯᠡᠯ ᠠᠪᠬᠤ ᠳᠤ ᠺᠣᠳ᠋ ᠰᠢᠷᠪᠢᠵᠦ ᠲᠣᠭᠠᠴᠠᠭ᠎ᠠ ᠬᠢᠵᠦ ᠪᠣᠯᠣᠨ᠎ᠠ
ᠨᠡᠶᠢᠲᠡᠯᠡᠭᠰᠡᠨ ᠴᠠᠭ᠄
2022/2/9
     ︵ᠰᠤᠷᠪᠤᠯᠵᠢᠯᠠᠭᠴᠢ ᠶᠠᠩ ᠶᠦᠩ ᠭᠠᠩ︶ ᠣᠶᠢᠷ᠎ᠠ ᠳᠤ᠂ ᠤᠩᠰᠢᠭᠴᠢᠳ ᠲᠤ ᠣᠯᠠᠨ ᠵᠦᠢᠯ ᠤᠨ ᠰᠣᠩᠭᠤᠯᠲᠠ ᠪᠦᠬᠦᠢ ᠪᠡᠷᠢᠴᠠᠭᠠᠨ ᠤ ᠮᠥᠩᠭᠦ ᠳᠥᠯᠥᠬᠦ ᠠᠷᠭ᠎ᠠ ᠶᠢ ᠬᠠᠩᠭᠠᠬᠤ ᠶᠢᠨ ᠲᠥᠯᠥᠭᠡ᠂ ᠬᠥᠬᠡᠬᠤᠲᠠ ᠶᠢᠨ ᠨᠣᠮ ᠤᠨ ᠰᠠᠩ ᠨᠢ ᠹᠦ᠋ ᠹᠠ ᠪᠠᠩᠬᠢ ᠲᠠᠢ ᠬᠠᠮᠲᠤᠷᠠᠨ ᠠᠷᠠᠳ ᠲᠤ ᠲᠥᠬᠦᠮ ᠦᠵᠡᠭᠦᠯᠬᠦ ᠺᠣᠳ᠋ ᠰᠢᠷᠪᠢᠵᠦ ᠲᠣᠭᠠᠴᠠᠭ᠎ᠠ ᠬᠢᠬᠦ ᠠᠷᠭ᠎ᠠ ᠶᠢ ᠨᠡᠭᠡᠭᠡᠵᠦ᠂ ᠦᠨᠡᠮᠯᠡᠯ ᠠᠪᠬᠤ ᠮᠠᠰᠢᠨ ᠢ ᠲᠠᠰ ᠳᠡᠪᠰᠢᠭᠦᠯᠦᠭᠰᠡᠨ ᠤ ᠳᠠᠷᠠᠭ᠎ᠠ᠂ ᠦᠨᠡᠮᠯᠡᠯ ᠠᠪᠬᠤ ᠮᠠᠰᠢᠨ ᠪᠡᠷᠢᠴᠠᠭᠠᠨ ᠤ ᠮᠥᠩᠭᠦ ᠬᠤᠷᠢᠶᠠᠬᠤ ᠳᠠᠭᠠᠨ ᠦᠷᠭᠦᠯᠵᠢ ᠲᠣᠬᠢᠶᠠᠯᠳᠤᠳᠠᠭ ᠪᠡᠯᠡᠨ ᠵᠣᠭᠤᠰ ᠢᠶᠠᠷ ᠲᠣᠭᠠᠴᠠᠭ᠎ᠠ ᠬᠢᠬᠦᠦ ᠶᠢ ᠳᠡᠮᠵᠢᠬᠦ ᠠᠴᠠ ᠭᠠᠳᠠᠨ᠎ᠠ ᠪᠠᠰᠠ ᡁᠢ ᠹᠦ᠋ ᠪᠣᠣ ᠪᠣᠯᠣᠨ ᠸᠢᠴᠠᠲ ᠤᠨ ᠺᠣᠳ᠋ ᠰᠢᠷᠪᠢᠵᠦ ᠲᠣᠭᠠᠴᠠᠭ᠎ᠠ ᠬᠢᠬᠦ ᠶᠢ ᠳᠡᠮᠵᠢᠬᠦ ᠪᠣᠯᠪᠠ᠃      ᠪᠣᠳᠠᠲᠠᠢ ᠶᠠᠪᠤᠴᠠ ᠨᠢ᠄ ︽ᠦᠨᠡᠮᠯᠡᠯ ᠭᠦᠢᠴᠡᠳᠬᠡᠬᠦ︾ ᠶᠢ ᠲᠣᠪᠴᠢᠳᠠᠵᠤ᠂ ᠳᠠᠷᠠᠭ᠎ᠠ ᠨᠢ ᠺᠠᠷᠲ ᠤᠩᠰᠢᠬᠤ ᠮᠠᠰᠢᠨ ᠢᠶᠠᠷ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠪᠡᠨ ᠤᠩᠰᠢᠭᠤᠯᠤᠭᠰᠠᠨ ᠤ ᠳᠠᠷᠠᠭ᠎ᠠ ᠤᠩᠰᠢᠭᠴᠢ ᠬᠡᠷᠡᠭᠯᠡᠵᠦ ᠪᠠᠶᠢᠭ᠎ᠠ ᠤᠲᠠᠰᠤᠨ ᠨᠣᠮᠧᠷ ᠢᠶᠠᠨ ᠣᠷᠣᠭᠤᠯᠤᠨ᠎ᠠ᠂ ᠡᠨᠡ ᠦᠶ᠎ᠡ ᠳᠤ ᠭᠦᠢᠴᠡᠳᠬᠡᠬᠦ ᠭᠡᠵᠦ ᠪᠠᠶᠢᠭ᠎ᠠ ᠣᠩᠰᠢᠭᠴᠢ ᠶᠢᠨ ᠲᠥᠷᠥᠯ ᠵᠦᠢᠯ ᠢ ᠰᠣᠩᠭᠤᠨ᠎ᠠ᠂ 100 ᠲᠥᠭᠦᠷᠢᠭ ᠢᠶᠠᠷ 5 ᠳᠡᠪᠲᠡᠷ ᠨᠣᠮ ᠵᠢᠭᠡᠯᠡᠵᠦ ᠪᠣᠯᠣᠨ᠎ᠠ᠂ 200 ᠲᠥᠭᠦᠷᠢᠭ ᠢᠶᠠᠷ 10 ᠳᠡᠪᠲᠡᠷ ᠨᠣᠮ ᠵᠢᠭᠡᠯᠡᠵᠦ ᠪᠣᠯᠣᠨ᠎ᠠ᠃ ᠤᠩᠰᠢᠭᠴᠢ ᠶᠢᠨ ᠺᠠᠷᠲ ᠤᠨ ᠲᠥᠷᠥᠯ ᠵᠦᠢᠯ ᠢ ᠰᠣᠩᠭᠤᠭᠰᠠᠨ ᠤ ᠳᠠᠷᠠᠭ᠎ᠠ ᠳᠡᠯᠭᠡᠴᠡ ᠶᠢᠨ ᠰᠠᠨᠠᠭᠤᠯᠤᠮᠵᠢ ᠶᠢ ᠦᠨᠳᠦᠰᠦᠯᠡᠨ ᠲᠣᠭᠠᠴᠠᠭ᠎ᠠ ᠬᠢᠬᠦ ᠲᠥᠷᠥᠯ ᠵᠦᠢᠯ ᠢ ᠰᠣᠩᠭᠤᠵᠤ ᠪᠣᠯᠣᠨ᠎ᠠ᠂ ᠡᠨᠡ ᠦᠶ᠎ᠡ ᠳᠤ ᠪᠡᠯᠡᠨ ᠵᠣᠭᠤᠰ᠂ ᡁᠢ ᠹᠦ᠋ ᠪᠣᠣ ᠶᠢᠨ ᠺᠣᠳ᠋ ᠰᠢᠷᠪᠢᠬᠦ᠂ ᠸᠢᠴᠠᠲ ᠤᠨ ᠺᠣᠳ᠋ ᠰᠢᠷᠪᠢᠬᠦ ᠶᠢ ᠰᠣᠩᠭᠤᠵᠤ ᠪᠣᠯᠣᠨ᠎ᠠ᠃ ᠺᠣᠳ᠋ ᠰᠢᠷᠪᠢᠵᠦ ᠲᠣᠭᠠᠴᠠᠭ᠎ᠠ ᠬᠢᠬᠦ ᠠᠷᠭ᠎ᠠ ᠮᠠᠶ᠋ᠢᠭ ᠢ ᠰᠣᠩᠭᠤᠭᠰᠠᠨ ᠤ ᠳᠠᠷᠠᠭ᠎ᠠ ᠰᠢᠰᠲ᠋ᠧᠮ ᠠᠴᠠ ᠲᠣᠭᠠᠴᠠᠭ᠎ᠠ ᠬᠢᠬᠦ ᠮᠡᠷᠭᠡᠨ ᠴᠣᠬᠤᠷ ᠢ ᠬᠠᠩᠭᠠᠵᠤ᠂ ᠭᠠᠷ ᠤᠲᠠᠰᠤ ᠪᠠᠷ ᠲᠣᠭᠠᠴᠠᠭ᠎ᠠ ᠬᠢᠬᠦ ᠪᠤᠶᠤ ᠸᠢᠴᠠᠲ ᠤᠨ ᠺᠣᠳ᠋ ᠰᠢᠷᠪᠢᠬᠦ ᠪᠠᠷ ᠳᠡᠮᠵᠢᠨ ᠪᠡᠷᠢᠴᠠᠭᠠᠨ ᠤ ᠮᠥᠩᠭᠦ ᠪᠠᠨ ᠲᠥᠯᠥᠵᠦ ᠪᠣᠯᠣᠨ᠎ᠠ᠂ ᠲᠣᠭᠠᠴᠠᠭ᠎ᠠ ᠬᠢᠭᠡᠳ ᠠᠮᠵᠢᠯᠲᠠ ᠣᠯᠣᠭᠰᠠᠨ ᠤ ᠳᠠᠷᠠᠭ᠎ᠠ ᠮᠠᠰᠢᠨ ᠠᠴᠠ ᠤᠩᠰᠢᠭᠴᠢᠳ ᠲᠤ ᠺᠠᠷᠲ ᠬᠢᠵᠦ ᠥᠭᠭᠦᠨ᠎ᠡ᠃ ᠬᠡᠷᠪᠡ ᠠᠰᠠᠭᠤᠳᠠᠯ ᠭᠠᠷᠪᠠᠯ᠂ ᠬᠤᠯᠪᠣᠭᠳᠠᠭᠰᠠᠨ ᠵᠣᠭᠤᠰ ᠢ ᠤᠭ ᠵᠠᠮ ᠢᠶᠠᠷ ᠨᠢ ᠪᠤᠴᠠᠭᠠᠨ᠎ᠠ᠃ ᠳᠡᠭᠡᠷ᠎ᠡ ᠳᠤᠷᠠᠳᠤᠭᠰᠠᠨ ᠶᠠᠪᠤᠴᠠ ᠶᠢ ᠵᠥᠪᠬᠡᠨ ᠬᠥᠬᠡᠬᠤᠲᠠ ᠶᠢᠨ ᠨᠣᠮ ᠤᠨ ᠰᠠᠩ ᠤᠨ ᠮᠠᠰᠢᠨ ᠢᠶᠠᠷ ᠦᠨᠡᠮᠯᠡᠯ ᠠᠪᠬᠤ ᠳᠤ ᠬᠡᠷᠡᠭᠯᠡᠨ᠎ᠡ᠂ ᠢᠲᠡᠭᠡᠮᠵᠢ ᠶᠢᠨ ᠵᠢᠭᠡᠯᠡᠨ ᠤᠩᠰᠢᠬᠤ ᠵᠡᠷᠭᠡ ᠪᠤᠰᠤᠳ ᠬᠡᠶᠢᠰᠪᠦᠷᠢ ᠦᠨᠡᠮᠯᠡᠯ ᠢ ᠭᠦᠢᠴᠡᠳᠬᠡᠬᠦ ᠳᠤ ᠬᠤᠯᠪᠣᠭᠳᠠᠬᠤ ᠦᠭᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号