ᠪᠥᠬᠦ ᠬᠤᠲᠠ ᠶᠢᠨ 2022 ᠣᠨ ᠤ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2022/3/22
      ︵ᠰᠤᠷᠪᠤᠯᠵᠢᠯᠠᠭᠴᠢ ᠮᠢᠶᠣᠣ ᠰᠢᠨ︶ 3 ᠳ᠋ᠤᠭᠠᠷ ᠰᠠᠷ᠎ᠠ ᠶᠢᠨ 21 ᠤ ᠡᠳᠦᠷ᠂ ᠪᠦᠬᠦ ᠬᠤᠳᠠ ᠶᠢᠨ 2022 ᠣᠨ ᠤ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠬᠤᠷᠢᠨᠭᠡᠷ ᠰᠢᠶᠠᠨ ᠤ ᠴᠣᠷᠵᠢ ᠶᠢᠨ ᠠᠶᠢᠯ ᠪᠠᠯᠭᠠᠰᠤᠨ ᠤ ᠬᠤᠳᠳᠤᠭᠲᠤ ᠵᠠᠰᠠᠭ ᠵᠠᠬᠢᠷᠭᠠᠨ ᠤ ᠲᠣᠰᠬᠤᠨ ᠤ ᠰᠢᠦᠢ ᠭᠧᠦ ᠶᠣᠣ ᠶᠢᠨ ︽2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠣᠨ︾ ᠤ ᠭᠤᠣᠯ ᠬᠤᠷᠠᠯ ᠤᠨ ᠲᠠᠯᠠᠪᠠᠢ ᠳᠤ ᠶᠠᠪᠤᠭᠳᠠᠵᠤ᠂ ᠪᠤᠰᠤᠳ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃      ᠬᠤᠳᠠ ᠶᠢᠨ ᠳᠡᠳ᠋ ᠳᠠᠷᠤᠭ᠎ᠠ ᠯᠢᠦ ᠵᠢᠶᠠᠨ ᠭᠦᠸᠧ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠭᠰᠠᠨ ᠪᠥᠭᠡᠳ ᠪᠦᠬᠦ ᠬᠤᠳᠠ ᠶᠢᠨ 2022 ᠣᠨ ᠤ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠪᠦᠬᠦ ᠲᠠᠯ᠎ᠠ ᠪᠠᠷ ᠡᠬᠢᠯᠡᠭᠰᠡᠨ ᠢ ᠵᠠᠷᠯᠠᠪᠠ᠃ ᠡᠨᠡ ᠤᠳᠠᠭ᠎ᠠ ᠶᠢᠨ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠢ ᠡᠷᠬᠢᠯᠡᠭᠰᠡᠨ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠡᠨᠡ ᠵᠢᠯ ᠤᠨ ᠲᠠᠷᠢᠶᠠᠯᠠᠩ ᠮᠠᠯ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠬᠠᠶᠢᠯᠠᠪᠠᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠶᠢ ᠰᠠᠶᠢᠲᠤᠷ ᠠᠳᠬᠤᠵᠤ᠂ ᠣᠷᠣᠨ ᠤ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠶᠢ ᠵᠣᠷᠢᠵᠠᠢ᠃      ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠯᠢᠦ ᠵᠢᠶᠠᠨ ᠭᠦᠸᠧ ᠨᠠᠷ ᠲᠠᠶᠢᠵᠢ ᠶᠢᠨ ᠠᠶᠢᠯ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠲᠠᠯᠠᠪᠠᠢ ᠳᠤᠨᠢ ᠲᠣᠭᠤᠷᠢᠨ ᠦᠵᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号