ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2022/3/23
     3 ᠳ᠋ᠤᠭᠠᠷ ᠰᠠᠷ᠎ᠠ ᠶᠢᠨ 21  ᠤ ᠡᠳᠦᠷ᠂ ᠠᠵᠢᠯᠲᠠᠳ ᠮᠠᠯᠲᠠᠬᠤ ᠮᠠᠰᠢᠨ ᠢᠶᠠᠷ ᠰᠠᠶᠢᠬᠠᠨ ᠲᠣᠭᠤᠷᠢᠭ ᠤᠨ ᠭᠤᠳᠣᠯᠢ ᠲᠣᠰᠬᠤᠨ ᠤ ᠲᠠᠷᠢᠶᠠᠨ ᠭᠠᠵᠠᠷ ᠲᠤ ᠳᠤᠰᠤᠯᠭᠠᠨ ᠤᠰᠤᠯᠠᠬᠤ ᠰᠤᠪᠠᠭ ᠮᠠᠯᠲᠠᠵᠤ ᠪᠠᠶᠢᠭ᠎ᠠ ᠨᠢ᠃ ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠡᠨᠡ ᠵᠢᠯ ᠨᠡᠶᠢᠳᠡ 3.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 6300 ᠲᠦᠮᠡᠨ ᠲᠥᠭᠦᠷᠢᠭ ᠬᠦᠷᠦᠨ᠎ᠡ᠃ ᠲᠣᠰ ᠲᠥᠷᠥᠯ ᠵᠦᠢᠯ ᠢ 3 ᠳ᠋ᠤᠭᠠᠷ ᠰᠠᠷ᠎ᠠ ᠶᠢᠨ 21 ᠤ ᠡᠳᠦᠷ ᠪᠥᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ︽ᠭᠠᠵᠠᠷ ᠨᠢ ᠲᠡᠭᠰᠢ᠂ ᠬᠥᠷᠥᠰᠥ ᠨᠢ ᠥᠩ ᠰᠢᠮᠡᠯᠢᠭ᠂ ᠭᠠᠩ ᠳᠤ ᠤᠰᠤᠯᠠᠬᠤ᠂ ᠦᠶᠡᠷᠯᠡᠬᠦ ᠳᠤ ᠤᠰᠤ ᠶᠢ ᠭᠠᠳᠠᠭᠰᠢᠯᠠᠭᠤᠯᠬᠤ᠂ ᠰᠤᠪᠠᠭ ᠨᠢ ᠬᠤᠯᠪᠣᠯᠳᠤᠭᠰᠠᠨ᠂ ᠵᠠᠮ ᠨᠢ ᠨᠡᠪᠲᠡᠷᠡᠯᠴᠡᠭᠰᠡᠨ᠂ ᠣᠶ ᠰᠢᠭᠤᠢ ᠨᠢ ᠲᠣᠣᠷᠵᠢᠭᠰᠠᠨ ︾ ᠰᠢᠨ᠎ᠡ ᠬᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠣᠶ ᠪᠣᠯᠭᠠᠵᠤ᠂ ᠵᠢᠱᠢᠯᠲᠡ ᠪᠠᠷ ᠠᠮᠤ ᠪᠤᠳᠠᠭᠠᠨ ᠤ ᠮᠦ ᠪᠦᠷᠢ ᠶᠢᠨ ᠤᠨᠠᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ 30% ᠠᠴᠠ ᠳᠡᠭᠡᠭᠰᠢ ᠳᠡᠭᠡᠭᠰᠢᠯᠡᠭᠦᠯᠬᠦ ᠪᠣᠯᠣᠨ᠎ᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号