| | | 3 ᠳ᠋ᠤᠭᠠᠷ ᠰᠠᠷ᠎ᠠ ᠶᠢᠨ 29 ᠤ ᠡᠳᠦᠷ᠂ ᠨᠢᠭᠡ ᠬᠤᠲᠠ ᠶᠢᠨ ᠠᠷᠠᠳ ᠢᠦᠢ ᠴᠢᠤᠸᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 24 ᠴᠠᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠤᠷᠢᠭ ᠲᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠨᠢ᠃ ᠣᠶᠢᠯᠠᠭᠠᠭᠰᠠᠨ ᠢᠶᠠᠷ᠂ ᠲᠣᠰ | ᠲᠣᠭᠤᠷᠢᠭ ᠲᠤ ᠬᠢᠯᠢ ᠪᠠᠷ ᠣᠷᠣᠵᠤ ᠭᠠᠷᠬᠤ᠂ ᠭᠠᠶᠢᠯᠢ ᠶᠢᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ | ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ | ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠰᠦᠢᠳᠬᠡᠯ ᠲᠤᠰᠢᠶᠠᠬᠤ ᠵᠡᠷᠭᠡ ᠥᠪᠡᠰᠦᠪᠡᠨ ᠬᠦᠢᠴᠡᠳᠭᠡᠬᠦ ᠦᠵᠦᠭᠦᠷ ᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ︽7×24 ᠴᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠲᠦ ᠳᠡᠯᠭᠡᠭᠦᠷ︾ ᠢ ᠪᠠᠶᠢᠭᠤᠯᠵᠠᠢ᠂ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ︽ᠥᠪᠡᠰᠦᠪᠡᠨ ᠭᠦᠢᠴᠡᠳᠬᠡᠬᠦ᠂ ᠬᠡᠵᠢᠶ᠎ᠡ ᠴᠠᠭ ᠲᠤ ᠴᠤ ᠭᠦᠢᠴᠡᠳᠬᠡᠬᠦ᠂ | ᠳᠠᠷᠤᠶᠢᠬᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠥᠪᠡᠰᠦᠪᠡᠨ ᠬᠦᠢᠴᠡᠳᠭᠡᠬᠦ ᠵᠠᠭᠪᠤᠷ ᠨᠢ ᠶᠠᠭ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠮᠠᠶ᠋ᠢᠭ | ᠪᠣᠯᠵᠤ ᠪᠠᠶᠢᠨ᠎ᠠ᠃ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠪᠡ |