2022 ᠣᠨ ᠤ 2 ᠳ᠋ᠤᠭᠠᠷ ᠰᠠᠷ᠎ᠠ ᠶᠢᠨ10 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 29 ᠳ᠋ᠣᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ ᠳᠤ | ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ | ᠬᠠᠤᠯᠢ ᠲᠣᠭᠲᠠᠭᠠᠬᠤ ᠲᠥᠯᠥᠪᠯᠡᠭᠡ ᠶᠢ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠠᠤᠯᠢ | ᠲᠣᠭᠲᠠᠭᠠᠬᠤ ᠬᠠᠷᠢᠭᠤᠴᠠᠯᠭ᠎ᠠ ᠲᠠᠢ ᠨᠢᠭᠡᠴᠡ ᠨᠦᠭᠦᠳ ᠲᠤᠰᠬᠠᠶ ᠪᠠᠭ ᠵᠣᠬᠢᠶᠠᠨ ᠪᠠᠶᠢᠭᠤᠯᠵᠤ᠂ ᠲᠤᠰᠬᠠᠶ | ᠬᠥᠮᠦᠨ ᠢᠶᠠᠷ ᠬᠠᠷᠢᠭᠤᠴᠠᠭᠤᠯᠤᠨ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ | ᠠᠵᠢᠯ ᠢ ᠥᠷᠨᠢᠭᠦᠯᠬᠦ ᠬᠡᠷᠡᠭᠲᠡᠶ᠃ ᠭᠤᠣᠯ ᠬᠠᠷᠢᠭᠤᠴᠠᠯᠭᠠᠲᠠᠨ ᠬᠠᠤᠯᠢ ᠲᠣᠭᠲᠠᠭᠠᠬᠤ ᠠᠵᠢᠯ ᠢ ᠪᠡᠶ᠎ᠡ ᠪᠠᠷ ᠢᠶᠠᠨ | ᠲᠣᠬᠢᠷᠠᠭᠤᠯᠤᠨ ᠪᠠᠶᠢᠷᠢᠯᠠᠭᠤᠯᠵᠤ᠂ ᠠᠬᠢᠴᠠ ᠶᠢᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠣᠨᠣᠰᠴᠤ᠂ ᠬᠠᠤᠯᠢ ᠲᠣᠭᠲᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ | ᠰᠢᠢᠳᠪᠦᠷᠢᠯᠡᠬᠦ ᠬᠡᠷᠡᠭᠲᠡᠶ᠃ | ᠬᠤᠶᠠᠷ᠂ ᠬᠠᠤᠯᠢ ᠲᠣᠭᠲᠠᠭᠠᠬᠤ ᠵᠢᠷᠤᠮ ᠢ ᠴᠢᠩᠳᠠᠯᠠᠬᠤ ᠬᠡᠷᠡᠭᠲᠡᠢ᠃ ᠲᠣᠭᠲᠠᠭᠠᠬᠤ ᠪᠠ ᠵᠠᠰᠠᠪᠤᠷᠢ | ᠣᠷᠣᠭᠤᠯᠬᠤ ᠬᠠᠤᠯᠢ ᠲᠣᠭᠲᠠᠭᠠᠬᠤ ᠵᠦᠢᠯᠡᠰ ᠲᠤ᠂ ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ | ᠨᠢᠭᠡᠴᠡ ᠨᠦᠭᠦᠳ ᠪᠠᠶᠢᠴᠠᠭᠠᠨ ᠰᠤᠳᠤᠯᠬᠤ᠂ ᠲᠤᠭᠤᠷᠪᠢᠨ ᠪᠢᠴᠢᠬᠦ᠂ ᠰᠠᠨᠠᠯ ᠬᠤᠷᠢᠶᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠮᠲᠤ ᠪᠠᠷ ᠬᠢᠨᠠᠨ ᠶᠠᠷᠢᠯᠴᠠᠬᠤ ᠵᠡᠷᠭᠡ ᠬᠠᠤᠯᠢ ᠲᠣᠭᠲᠠᠭᠠᠬᠤ ᠵᠢᠷᠤᠮ ᠢ | ᠬᠢᠨᠠᠮᠠᠭᠠᠶ ᠭᠦᠢᠴᠡᠳᠬᠡᠵᠦ᠂ ᠬᠠᠤᠯᠢ ᠲᠣᠭᠲᠠᠭᠠᠬᠤ ᠡᠭᠦᠷᠭᠡ ᠪᠠᠨ ᠬᠠᠤᠯᠢ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ | ᠬᠡᠷᠡᠭᠲᠡᠶ᠃ ᠬᠦᠴᠦᠨ ᠦᠭᠡᠢ ᠪᠣᠯᠭᠠᠭᠰᠠᠨ ᠬᠠᠤᠯᠢ ᠲᠣᠭᠲᠠᠭᠠᠬᠤ ᠵᠦᠢᠯᠡᠰ ᠲᠤ ᠴᠦ ᠬᠤᠯᠪᠣᠭᠳᠠᠯ ᠪᠦᠬᠦᠢ | ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠶ᠃ | ᠭᠤᠷᠪᠠ᠂ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠢᠯᠣᠭᠤᠳᠬᠤ ᠠᠵᠢᠯ ᠢ ᠰᠠᠶᠢᠲᠤᠷ | ᠬᠢᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢᠨ ᠲᠦᠷᠢᠮ ᠲᠣᠭᠲᠠᠭᠠᠯ ᠤᠨ ᠲᠥᠰᠦᠯ ᠢ ᠬᠢᠨᠠᠮᠠᠭᠠᠶ ᠬᠢᠨᠠᠨ | ᠪᠠᠶᠢᠴᠠᠭᠠᠵᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠤᠯᠢ | ᠲᠣᠭᠲᠠᠭᠠᠬᠤ ᠲᠠᠰ ᠳᠠᠷᠠᠭᠠᠯᠠᠯ ᠢᠶᠠᠷ ᠬᠢᠨᠠᠨ ᠲᠣᠭᠲᠠᠭᠠᠯᠭᠠᠵᠤ᠂ 2022 ᠣᠨ ᠤ ᠵᠠᠰᠠᠭ ᠤᠨ ᠣᠷᠳᠣᠨ ᠤ ᠲᠦᠷᠢᠮ | ᠲᠣᠭᠲᠠᠭᠠᠯ ᠤᠨ ᠲᠥᠯᠥᠪᠯᠡᠭᠡ ᠶᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠳᠠᠭᠠᠯᠳᠤᠭᠤᠯᠤᠯ᠄ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ | ᠲᠥᠯᠥᠪᠯᠡᠭᠡ ᠶᠢᠨ ᠵᠦᠢᠯᠡᠰ ᠤᠨ ᠭᠠᠷᠴᠠᠭ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠳ᠋ᠤᠭᠠᠷ ᠰᠠᠷ᠎ᠠ ᠶᠢᠨ 10 ᠤ ᠡᠳᠦᠷ | 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ | ᠵᠦᠢᠯᠡᠰ ᠤᠨ ᠭᠠᠷᠴᠠᠭ | ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠨᠡᠷᠡᠶᠢᠳᠦᠯ/ ᠲᠤᠭᠤᠷᠪᠢᠨ ᠪᠢᠴᠢᠭᠰᠡᠨ ᠰᠠᠯᠠᠭ᠎ᠠ | ᠮᠥᠴᠢᠷ/ᠲᠥᠷᠥᠯ ᠵᠦᠢᠯ ᠤᠨ ᠠᠩᠭᠢᠯᠠᠯ | 1. ᠬᠥᠬᠡᠬᠤᠲᠠ ᠶᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠠᠷᠭ᠎ᠠ/ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠤᠪᠴᠢᠶ᠎ᠠ/ ᠲᠣᠭᠲᠠᠭᠠᠨ᠎ᠠ | 2. ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢᠨ ᠠᠷᠭ᠎ᠠ/ ᠶᠢ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ/ ᠲᠣᠭᠲᠠᠭᠠᠨ᠎ᠠ | 3. ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ/ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ/ ᠵᠠᠰᠠᠪᠤᠷᠢ ᠣᠷᠣᠭᠤᠯᠣᠨ᠎ᠠ | 4. ᠬᠥᠬᠡᠬᠤᠲᠠ ᠶᠢᠨ ᠦᠨᠳᠦᠰᠦᠲᠡᠨ ᠤ ᠠᠵᠢᠯ ᠤᠨ ᠲᠤᠬᠠᠶ ᠲᠣᠭᠲᠠᠭᠠᠯ ᠤᠳ/ᠬᠤᠲᠠ ᠶᠢᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ/ ᠬᠦᠴᠦᠨ ᠦᠭᠡᠶ ᠪᠣᠯᠭᠠᠨ᠎ᠠ | 5. ᠬᠥᠬᠡᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ ᠬᠠᠮᠢᠶᠠᠷᠤᠯᠲᠠ ᠶᠢᠨ ᠠᠷᠭ᠎ᠠ/ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ/ ᠬᠦᠴᠦᠨ ᠦᠭᠡᠶ ᠪᠣᠯᠭᠠᠨ᠎ᠠ | 6. ᠬᠥᠬᠡᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ | ︵ᠲᠤᠷᠰᠢᠨ ᠬᠡᠷᠡᠭᠵᠢᠭᠦᠯᠬᠦ︶ / ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ/ ᠬᠦᠴᠦᠨ ᠥᠬᠡᠶ ᠪᠣᠯᠭᠠᠨ᠎ᠠ | 7. ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ | ᠠᠷᠭ᠎ᠠ/ ᠬᠤᠲᠠ ᠶᠢᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ/ᠬᠦᠴᠦᠨ ᠥᠬᠡᠶ ᠪᠣᠯᠭᠠᠨ᠎ᠠ | | | | | | |