︽ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠦᠭᠡᠷᠡᠴᠢᠯᠡᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/3/31
          ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ           2021ᠣᠨ ᠤ1ᠳ᠋ᠤᠭᠡᠷ ᠰᠠᠷ᠎ᠠ ᠶᠢᠨ 29 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃           ᠬᠥᠬᠡᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾ ︵ᠲᠥᠪ ᠠᠯᠪᠠᠨ ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ︾ ︵ᠥᠪᠥᠷ ᠨᠠᠮ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠶᠢ ᠦᠨᠳᠦᠰᠦᠯᠡᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠬᠦᠴᠢᠷᠳᠡᠯᠲᠡᠢ ᠤᠯᠠᠨ ᠲᠦᠮᠡᠨ ᠤ ᠤᠯᠠᠨ ᠲᠡᠰ ᠳᠠᠪᠬᠤᠷᠭ᠎ᠠ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ      ︵ᠨᠢᠭᠡ︶ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ᠎ᠠ ᠃ ᠨᠥᠬᠦᠴᠡᠯ ᠳᠤ ᠨᠡᠶᠢᠴᠡᠬᠦ ᠭᠡᠷ ᠪᠦᠯᠢ ᠪᠤᠶᠤ ᠬᠤᠪᠢ ᠬᠥᠮᠥᠨ ᠳᠤ ᠴᠠᠭ ᠲᠤᠬᠠᠢ ᠳᠤᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠬᠤ ᠪᠤᠶᠤ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠠᠰᠠᠷᠠᠨ ᠲᠡᠵᠢᠭᠡᠯᠭᠡᠵᠦ ᠪᠠᠶᠢᠭ᠎ᠠ ᠬᠥᠮᠥᠰ᠂ ᠣᠷᠣᠯᠭ᠎ᠠ ᠳᠣᠣᠷ᠎ᠠ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ  ᠠᠴᠠ ᠪᠣᠯᠵᠤ ᠦᠨᠳᠦᠰᠦᠨ ᠠᠮᠢᠳᠤᠷᠠᠯ ᠨᠢᠭᠡᠴᠡᠬᠦᠦ ᠬᠦᠴᠢᠷᠳᠡᠯᠲᠡᠢ ᠪᠣᠯᠤᠭᠰᠠᠨ ᠭᠡᠷ ᠪᠦᠯᠢ ᠳᠤ ᠪᠣᠳᠠᠲᠠᠢ ᠬᠡᠷᠡᠭᠴᠡᠭᠡ ᠶᠢ ᠨᠢ ᠦᠨᠳᠦᠰᠦᠯᠡᠨ ᠬᠠᠷᠠᠭᠠᠯᠵᠠᠭᠰᠠᠨ ᠲᠤᠰᠬᠠᠢ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ ᠪᠤᠶᠤ ᠪᠤᠰᠤᠳ ᠠᠪᠤᠷᠠᠨ ᠲᠤᠰᠠᠯᠠᠯᠲᠠ ᠣᠯᠭᠤᠨ᠎ᠠ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠲᠦᠯ᠂ ᠬᠦᠨᠳᠦ ᠶᠡᠭᠡ ᠡᠪᠡᠳᠴᠢᠨ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠤᠴᠠᠷᠠᠭᠰᠠᠨ ᠪᠤᠶᠤ ᠪᠤᠰᠤᠳ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯᠲᠡᠢ ᠪᠣᠯᠤᠭᠰᠠᠨ ᠭᠡᠷ ᠪᠦᠯᠢ ᠪᠤᠶᠤ ᠬᠤᠪᠢ ᠬᠥᠮᠥᠨ ᠵᠢᠴᠢ ᠲᠦᠷ ᠴᠠᠭ ᠬᠦᠴᠢᠷᠳᠡᠯ ᠳᠤ ᠤᠴᠠᠷᠠᠭᠰᠠᠨ᠂ ᠠᠮᠢᠳᠤᠷᠠᠯ ᠢᠶᠠᠨ ᠠᠷᠭᠠᠴᠠᠭᠠᠬᠤ ᠠᠷᠭ᠎ᠠ ᠦᠭᠡᠢ ᠬᠥᠮᠥᠰ ᠲᠤ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠨ᠎ᠠ᠃ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠳᠤ᠂ ᠭᠠᠮᠰᠢᠭᠳᠠᠭᠰᠠᠨ ᠬᠥᠮᠥᠰ ᠤᠨ ᠠᠪᠤᠷᠠᠨ ᠲᠤᠰᠠᠯᠠᠯᠲᠠ ᠣᠯᠭᠤᠨ᠎ᠠ᠃      ︵ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ︽ᠪᠣᠳᠠᠰ + ᠦᠢᠯᠡᠴᠢᠯᠡᠭᠡ︾ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ ᠨᠡᠶᠢᠭᠡᠮ ᠠᠴᠠ ᠠᠪᠤᠷᠠᠨ ᠲᠤᠰᠠᠯᠠᠵᠤ ᠪᠠᠶᠢᠭ᠎ᠠ ᠭᠡᠷ ᠪᠦᠯᠢ ᠶᠢᠨ ᠠᠮᠢᠨ ᠳᠠᠭᠠᠨ  ᠵᠥᠪ ᠦᠭᠡᠢ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ ᠵᠡᠮᠳᠡᠭᠴᠦᠳ᠂ ᠬᠦᠨᠳᠦ ᠡᠪᠡᠳᠴᠢᠲᠡᠨ ᠳᠤ ᠴᠢᠬᠤᠯᠠ ᠪᠦᠬᠦᠢ ᠰᠣᠷᠪᠤᠯᠵᠢᠯᠠᠨ ᠦᠵᠡᠬᠦ᠂ ᠬᠠᠷᠠᠭᠠᠯᠵᠠᠬᠤ᠂ ᠭᠡᠷ ᠠᠬᠤᠢ ᠶᠢᠨ ᠶᠠᠪᠤᠳᠠᠯ᠂ ᠡᠮᠨᠡᠯᠭᠡ ᠶᠢᠨ ᠬᠤᠷᠢᠶ᠎ᠠ ᠶᠢᠨ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ᠂ ᠰᠤᠷᠬᠤ ᠨᠠᠰᠤᠨ ᠤ ᠨᠠᠰᠤᠨ ᠳᠤ ᠥᠯᠥ ᠭᠦᠷᠦᠭᠰᠡᠳ ᠲᠤ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ᠂ ᠬᠠᠶᠢᠷ᠎ᠠ ᠬᠠᠯᠠᠮᠵᠢ ᠬᠠᠨᠢ ᠲᠦᠰᠢᠭ ᠪᠣᠯᠬᠤ ᠵᠡᠷᠭᠡ ᠦᠢᠯᠡᠴᠢᠯᠡᠭᠡ ᠬᠠᠩᠭᠠᠵᠤ᠂ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠡᠬᠢ ᠪᠠᠶᠠᠯᠢᠭ ᠤᠨ ᠬᠤᠯᠪᠣᠭᠠᠰᠤ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠬᠠᠩᠭᠠᠨ᠎ᠠ᠃      ︵ᠭᠤᠷᠪᠠ︶ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠤᠨ ᠠᠪᠤᠷᠠᠨ ᠲᠤᠰᠠᠯᠠᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠣᠷᠣᠨ ᠪᠦᠰᠡ᠂ ᠠᠯᠬᠤᠮ ᠳᠠᠷᠠᠭ᠎ᠠ ᠬᠤᠪᠢᠶᠠᠨ ᠪᠠᠷᠢᠮᠵᠢᠶ᠎ᠠ ᠲᠣᠭᠲᠠᠭᠠᠬᠤ᠂ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ᠂ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ᠂ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠤᠳᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠤᠳᠠ ᠬᠥᠳᠡᠭᠡ ᠶᠢᠨ ᠠᠪᠤᠷᠠᠨ ᠲᠤᠰᠠᠯᠠᠬᠤ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠭᠡᠪᠴᠢᠯᠡᠨ ᠪᠡᠶᠡᠯᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠣᠷᠣᠰᠢᠨ ᠰᠠᠭᠤᠬᠤ ᠦᠨᠡᠮᠯᠡᠯ ᠲᠠᠢ ᠬᠥᠮᠥᠰ ᠤᠨ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃      ᠬᠤᠶᠠᠷ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷ ᠢ ᠴᠢᠩᠭᠠᠳᠬᠠᠨ᠎ᠠ      ︵ᠳᠥᠷᠪᠡ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠢᠴᠡᠳᠬᠡᠯ ᠲᠤᠭ᠎ᠠ ᠶᠢ ᠲᠡᠭᠦᠯᠳᠡᠷᠵᠢᠭᠦᠯᠵᠦ᠂ ᠦᠨᠡᠯᠡᠨ  ᠵᠢᠱᠢᠯᠲᠡ ᠶᠢᠨ ᠲᠤᠰᠠᠯᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠮᠠᠭᠠᠳᠯᠠᠨ ᠲᠣᠭᠲᠠᠭᠠᠬᠤ ᠦᠷ᠎ᠡ ᠪᠦᠲᠦᠮᠵᠢ ᠪᠠ ᠢᠯᠭᠠᠨ ᠲᠠᠨᠢᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠪᠣᠯᠣᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠵᠡᠷᠭᠡ ᠦᠨᠳᠦᠰᠦᠨ ᠨᠥᠬᠦᠴᠡᠯ ᠢ ᠦᠨᠳᠦᠰᠦᠯᠡᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠰᠠᠭᠤᠭᠠᠯᠢ ᠠᠷᠠᠳ ᠤᠨ ᠭᠡᠷ ᠪᠦᠯᠢ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠣᠷᠣᠯᠭ᠎ᠠ ᠲᠣᠣᠷ᠎ᠠ ᠭᠡᠷ ᠪᠦᠯᠢ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭ ᠬᠥᠮᠥᠨ ᠪᠠ ᠭᠤᠷᠪᠠᠳᠤᠭᠠᠷ ᠳᠡᠰ ᠤᠨ ᠣᠶᠤᠨ ᠮᠡᠳᠡᠷᠡᠯ᠂ ᠣᠶᠤᠨ ᠵᠡᠮᠳᠡᠭ ᠬᠥᠮᠥᠨ ᠵᠢᠴᠢ ᠬᠦᠨᠳᠦ ᠡᠪᠡᠳᠴᠢᠲᠡᠨ ᠵᠡᠷᠭᠡ ᠣᠨᠴᠠᠭᠠᠢ ᠬᠦᠴᠢᠷᠳᠡᠯᠲᠡᠢ ᠬᠥᠮᠥᠰ ᠢ ᠭᠤᠶᠤᠴᠢᠯᠠᠯ ᠢ ᠨᠢ ᠦᠨᠳᠦᠰᠦᠯᠡᠨ ︽ᠭᠠᠭᠴᠠ ᠬᠥᠮᠥᠨ ᠤ ᠡᠷᠦᠬᠡ︾ ᠪᠠᠷ ᠯᠠᠪᠯᠠᠯᠲᠠ ᠪᠣᠯᠭᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠣᠨ᠎ᠠ᠃ ᠭᠡᠷ ᠪᠦᠯᠢ ᠶᠢᠨ ᠪᠦᠷᠢᠯᠳᠦᠭᠦᠨ ᠤ ᠬᠥᠮᠥᠨ ᠳᠤᠮᠳᠠᠴᠢ ᠶᠢᠨ ᠣᠷᠣᠯᠭ᠎ᠠ ᠬᠢᠭᠡᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠢ ᠵᠥᠷᠢᠶ᠎ᠡ ᠶᠢ ᠦᠨᠳᠦᠰᠦᠯᠡᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠢᠷᠤᠮᠵᠢᠭᠤᠯᠤᠨ᠎ᠠ᠃      ︵ᠲᠠᠪᠤ︶ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ ᠪᠦᠷᠢᠨᠰᠢᠭᠦᠯᠦᠨ᠎ᠡ᠃ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠠᠷᠠᠭᠠᠯᠵᠠᠯ ᠤᠨ ᠬᠠᠮᠤᠷᠬᠤ ᠨᠠᠰᠤᠨ ᠳᠤ ᠥᠯᠥ ᠭᠦᠷᠦᠭᠰᠡᠳ ᠤᠨ ᠨᠠᠰᠤ ᠶᠢ ᠪᠦᠬᠦᠯᠢ 16 ᠨᠠᠰᠤ ᠪᠠᠶᠢᠭᠰᠠᠨ ᠠᠴᠠ ᠪᠦᠬᠦᠯᠢ 18 ᠨᠠᠰᠤ ᠪᠣᠯᠲᠠᠯ᠎ᠠ ᠤᠷᠲᠤᠳᠬᠠᠵᠤ᠂ ᠪᠦᠬᠦᠯᠢ 18 ᠨᠠᠰᠤ ᠭᠦᠷᠦᠭᠡᠳ ᠮᠥᠨ ᠬᠦ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠᠯ᠂  ᠠᠪᠤᠷᠠᠨ ᠲᠤᠰᠠᠯᠠᠵᠤ ᠠᠰᠠᠷᠠᠨ ᠲᠡᠵᠢᠭᠡᠬᠦ  ᠬᠠᠷᠠᠭᠠᠯᠵᠠᠯ ᠢ ᠦᠷᠭᠦᠯᠵᠢᠯᠡᠨ ᠬᠦᠷᠲᠡᠵᠦ ᠪᠣᠯᠣᠨ᠎ᠠ᠃ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠪᠠ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠳᠦᠷᠢᠮ ᠢ ᠪᠦᠷᠢᠨᠰᠢᠭᠦᠯᠦᠨ᠂ ᠲᠥᠪᠯᠡᠷᠡᠭᠦᠯᠦᠨ ᠠᠰᠠᠷᠠᠨ ᠬᠠᠷᠠᠭᠠᠯᠵᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠲᠥᠪᠯᠡᠷᠡᠭᠦᠯᠦᠨ ᠠᠰᠠᠷᠠᠨ ᠲᠡᠵᠢᠭᠡᠬᠦ  ᠦᠢᠯᠡᠴᠢᠯᠡᠭᠡ ᠶᠢ ᠬᠦᠷᠲᠡᠬᠦ ᠬᠦᠰᠡᠯ ᠰᠠᠨᠠᠭ᠎ᠠ ᠲᠠᠢ ᠮᠥᠷᠲᠡᠭᠡᠨ  ᠪᠦᠷᠢᠮᠦᠰᠦᠨ ᠪᠤᠶᠤ ᠬᠡᠰᠡᠭ ᠲᠠᠯ᠎ᠠ ᠪᠠᠷ ᠠᠮᠢᠨ ᠳᠠᠭᠠᠨ ᠵᠥᠪ ᠦᠭᠡᠢ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠶᠣᠰᠣᠲᠠᠢ ᠶᠢ ᠨᠢ ᠪᠦᠬᠦᠨ ᠢ ᠠᠰᠠᠷᠠᠨ ᠲᠡᠵᠢᠭᠡᠨ᠎ᠡ᠃ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠢ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ ᠳᠦᠷᠢᠮ ᠢ ᠪᠦᠷᠢᠨᠰᠢᠭᠦᠯᠦᠨ᠂ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠨᠠᠶᠢᠳᠠᠯᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠵᠢᠷᠤᠮᠵᠢᠭᠤᠯᠤᠨ᠂ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ ᠢ  ᠨᠠᠶᠢᠳᠠᠯᠭ᠎ᠠ ᠪᠠᠷ ᠠᠰᠠᠷᠠᠨ ᠬᠠᠷᠠᠭᠠᠯᠵᠠᠬᠤ  ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃      ︵ᠵᠢᠷᠭᠤᠭ᠎ᠠ︶ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠪᠤᠶᠤ ᠬᠥᠮᠥᠨ ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠭᠲᠠᠭᠠᠨ᠎ᠠ︔ ᠥᠪᠡᠷ ᠢ ᠪᠠᠨ ᠳᠣᠳᠤᠮᠳᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ ᠲᠠᠯ᠎ᠠ ᠪᠠᠷ ᠠᠯᠳᠠᠭᠰᠠᠨ ᠣᠨᠴᠠ ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠪᠥᠬᠦ ᠬᠤᠲᠠ ᠶᠢᠨ ᠲᠦᠷᠦᠭᠦᠸ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 65%᠂ 25% ᠪᠠᠷ ᠯᠠᠪᠯᠠᠯᠲᠠ ᠪᠣᠯᠭᠠᠵᠤ ᠲᠣᠭᠲᠠᠭᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠯᠦᠭᠡ ᠬᠤᠯᠪᠣᠭᠳᠠᠭᠤᠯᠤᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠨ᠎ᠠ᠃      ︵ᠳᠣᠯᠤᠭ᠎ᠠ︶ ᠲᠥᠷᠥᠯ ᠬᠤᠪᠢᠶᠠᠭᠰᠠᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠨ᠎ᠠ᠃ ᠣᠨᠴᠠ ᠬᠦᠴᠢᠷᠳᠡᠯᠲᠡᠢ ᠬᠥᠮᠥᠰ᠂ ᠣᠬᠤᠷ ᠬᠤᠭᠤᠴᠠᠭᠠᠨ ᠤ ᠳᠣᠲᠣᠷ᠎ᠠ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠡᠭᠡ ᠪᠢᠰᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ ᠵᠢᠯ ᠪᠦᠷᠢ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠨ᠎ᠠ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠭᠦᠨ ᠨᠢ ᠬᠥᠳᠡᠯᠮᠦᠷᠢᠯᠡᠬᠦ ᠴᠢᠳᠠᠪᠤᠷᠢ ᠲᠠᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠮᠥᠰ ᠢ ᠬᠠᠭᠠᠰ ᠵᠢᠯ ᠳᠤ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠨ᠎ᠠ᠃ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠥᠮᠥᠨ ᠠᠮᠠ᠂ ᠠᠵᠤ ᠠᠬᠤᠢ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠶᠢ ᠮᠡᠳᠡᠭᠦᠯᠬᠦ ᠲᠣᠭᠲᠠᠴᠠ ᠶᠢ ᠵᠢᠷᠤᠮᠵᠢᠭᠤᠯᠤᠨ᠎ᠠ᠃      ᠭᠤᠷᠪᠠ᠂ ᠲᠤᠰᠬᠠᠢ ᠲᠥᠷᠥᠯ ᠤᠨ ᠠᠪᠤᠷᠠᠨ ᠲᠤᠰᠠᠯᠠᠯᠲᠠ ᠶᠢᠨ ᠴᠢᠭᠯᠡᠭᠦᠯᠦᠯᠲᠦ ᠴᠢᠨᠠᠷ ᠢ ᠴᠢᠩᠭᠠᠳᠬᠠᠨ᠎ᠠ      ︵ᠨᠠᠢᠮᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠵᠢᠴᠢ ᠪᠤᠰᠤᠳ ᠬᠤᠲᠠ ᠬᠥᠳᠡᠭᠡ ᠶᠢᠨ  ᠬᠦᠴᠢᠷᠳᠡᠯᠲᠡᠢ ᠣᠯᠠᠨ ᠲᠦᠮᠡᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠤᠪᠢ ᠬᠥᠮᠥᠨ ᠤ ᠲᠤᠰᠢᠶᠠᠬᠤ ᠰᠦᠢᠳᠬᠡᠯ ᠳᠤ ᠨᠥᠬᠦᠪᠦᠷᠢ ᠣᠯᠭᠤᠵᠤ᠂ ᠣᠨᠴᠠ ᠬᠦᠴᠢᠷᠳᠡᠯᠲᠡᠢ ᠬᠥᠮᠥᠰ ︵ᠥᠨᠥᠴᠢᠨ ᠵᠡᠮᠳᠡᠭ ᠬᠡᠦᠬᠡᠳ ᠪᠠᠭᠲᠠᠨ᠎ᠠ︶ ᠲᠤ ᠪᠥᠬᠦ ᠲᠣᠭᠠᠨ ᠤ ᠮᠥᠩᠭᠦ ᠪᠠᠷ ᠲᠤᠰᠠᠯᠠᠵᠤ ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠵᠡᠷᠭᠡ ᠪᠤᠰᠤᠳ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠰᠠᠨ ᠲᠣᠭᠠᠨ ᠤ ᠮᠥᠩᠭᠦ ᠪᠠᠷ ᠲᠤᠰᠠᠯᠠᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠢ ᠰᠢᠭᠤᠳ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠣᠨᠴᠠ ᠬᠦᠴᠢᠷᠳᠡᠯᠲᠡᠢ ᠬᠥᠮᠥᠰ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠦᠷᠢ ᠡᠮᠴᠢᠯᠡᠭᠡᠨ ᠤ ᠳᠠᠭᠠᠳᠬᠠᠯ ᠢᠶᠠᠷ ᠳᠡᠮᠵᠢᠨ ᠲᠥᠯᠥᠭᠰᠡᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠥᠨ ᠤ ᠥᠪᠡᠷᠲᠡᠭᠡᠨ ᠳᠥᠯᠥᠬᠦ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠡᠮᠵᠢᠨ ᠪᠥᠬᠦ ᠲᠣᠭᠠᠨ ᠤ ᠮᠦᠩᠭᠦ ᠪᠠᠷ ᠠᠪᠤᠷᠠᠨ ᠲᠤᠰᠠᠯᠠᠨ᠎ᠠ᠃ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠵᠢᠴᠢ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠥᠰ ᠵᠡᠷᠭᠡ ᠣᠨᠴᠠ ᠬᠦᠴᠢᠷᠳᠡᠯᠲᠡᠢ ᠬᠥᠮᠥᠰ ᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠬᠦ ᠦᠶ᠎ᠡ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠠᠪᠠᠷ ᠠᠪᠤᠷᠠᠨ ᠵᠠᠰᠠᠵᠤ᠂ ᠳᠠᠷᠠᠭ᠎ᠠ ᠨᠢ ᠰᠦᠢᠳᠬᠡᠯ ᠬᠤᠷᠢᠶᠠᠬᠤ ᠶᠢ ᠦᠨᠡᠨᠬᠦ ᠪᠠᠲᠤᠯᠠᠨ᠎ᠠ᠃      ︵ᠶᠢᠰᠦ︶ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠᠭᠲᠠᠨ᠎ᠠ︶ ᠪᠣᠯᠣᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠤᠨ ᠱᠠᠲᠤᠨ ᠳᠤ ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ᠂ ᠣᠨᠴᠠ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠵᠢᠴᠢ ᠪᠡᠶ᠎ᠡ ᠰᠡᠳᠬᠢᠯ ᠤᠨ ᠰᠠᠭᠠᠳ ᠲᠠᠢ ᠵᠡᠷᠭᠡ ᠰᠢᠯᠲᠠᠭᠠᠨ ᠠᠴᠠ ᠪᠣᠯᠵᠤ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ ᠳᠥᠭᠦᠮ ᠦᠭᠡᠢ ᠰᠤᠷᠬᠤ ᠨᠠᠰᠤᠨ ᠤ ᠵᠡᠮᠳᠡᠭ ᠨᠠᠰᠤᠨ ᠳᠤ ᠥᠯᠥ ᠭᠦᠷᠦᠭᠰᠡᠳ‌‍ᠲ᠋ᠦ ᠬᠤᠯᠪᠤᠭᠳᠠᠯ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠵᠣᠬᠢᠬᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤ ᠪᠠᠷ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠥᠷᠨᠢᠭᠦᠯᠵᠦ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠤᠭᠲᠠᠭᠠᠬᠤ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠦᠨᠡᠯᠡᠨ ᠲᠣᠭᠲᠠᠭᠠᠵᠤ ᠣᠯᠭᠤᠬᠤ ᠵᠡᠷᠭᠡ ᠪᠠᠶᠢᠳᠠᠯ ᠢ ᠪᠥᠬᠦ ᠶᠠᠪᠤᠴᠠ ᠳᠤ ᠮᠥᠷᠳᠡᠨ ᠬᠠᠮᠢᠶᠠᠷᠴᠤ᠂ ᠴᠠᠭ ᠲᠤᠬᠠᠢ ᠳᠤᠨᠢ ᠣᠯᠭᠤᠬᠤ ᠶᠢ ᠪᠣᠳᠠᠲᠠᠶᠢᠵᠢᠭᠤᠯᠬᠤ ᠶᠢ ᠦᠨᠡᠨᠬᠦ  ᠪᠠᠲᠤᠯᠠᠨ᠎ᠠ᠃      ︵ᠠᠷᠪᠠ︶ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠳᠤ ᠨᠡᠶᠢᠴᠡᠬᠦ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠵᠡᠷᠭᠡ ᠳᠤ᠂ ᠨᠡᠶᠢᠲᠡ ᠶᠢᠨ  ᠲᠦᠷᠢᠶᠡᠰᠦᠨ ᠣᠷᠣᠨ ᠰᠠᠭᠤᠴᠠ ᠲᠣᠬᠢᠷᠠᠭᠤᠯᠤᠨ ᠲᠦᠷᠢᠶᠡᠰᠦᠯᠡᠭᠦᠯᠬᠦ᠂ ᠲᠦᠷᠢᠶᠡᠰᠦᠨ ᠤ ᠨᠥᠬᠦᠪᠦᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠨ ᠰᠠᠭᠤᠴᠠ ᠶᠢᠨ  ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠵᠥᠷᠢᠶᠡᠲᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠨᠥᠬᠦᠪᠦᠷᠢ ᠶᠢᠨ ᠲᠠᠰ ᠢ ᠲᠣᠬᠢᠷᠠᠭᠤᠯᠤᠨ᠎ᠠ᠃ ᠬᠥᠳᠡᠭᠡ ᠲᠣᠰᠬᠤᠨ ᠤ ᠣᠷᠣᠯᠭ᠎ᠠ ᠲᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠵᠣᠯ ᠵᠢᠷᠭᠠᠯᠲᠤ ᠬᠠᠷᠢᠯᠴᠠᠨ ᠲᠤᠰᠠᠯᠠᠯᠴᠠᠬᠤ ᠶᠡᠭᠡ ᠬᠦᠷᠢᠶ᠎ᠡ ᠶᠢ ᠨᠢᠭᠡᠳᠦᠯᠲᠡᠢ ᠪᠠᠶᠢᠭᠤᠯᠬᠤ ᠂ ᠲᠠᠷᠢᠶᠠᠴᠢᠨ ᠤ ᠰᠤᠯᠠ ᠭᠡᠷ ᠪᠠᠶᠢᠰᠢᠩ ᠢ ᠠᠰᠢᠭᠯᠠᠬᠤ ᠪᠠ ᠬᠠᠮᠲᠤ ᠶᠢᠨ ᠠᠯᠪᠠᠨ ᠤ ᠣᠷᠤᠨ ᠰᠠᠭᠤᠴᠠ ᠶᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ ᠲᠣᠰᠬᠤᠨ ᠤ ᠣᠷᠣᠯᠭ᠎ᠠ ᠳᠣᠣᠷ᠎ᠠ ᠬᠦᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠲᠣᠭᠲᠠᠭᠤᠨ ᠪᠥᠭᠡᠳ ᠤᠳᠠᠭᠠᠨ ᠳᠠᠭᠠᠭᠠᠮᠠᠭᠠᠢ ᠪᠠᠷ ᠪᠠᠲᠤᠯᠠᠬᠤ ᠶᠢ ᠵᠣᠷᠢᠭᠵᠢᠭᠤᠯᠤᠨ᠎ᠠ᠃ ᠳᠤᠮᠳᠠ ᠵᠡᠷᠭᠡ ᠠᠴᠠ ᠳᠣᠣᠷ᠎ᠠ ᠰᠢᠭ᠋ ᠣᠷᠣᠯᠭ᠎ᠠ ᠲᠠᠢ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢ ᠵᠦᠢ ᠵᠣᠬᠢᠰᠲᠠᠢ ᠡᠭᠡᠯᠵᠢᠯᠡᠨ ᠬᠦᠯᠢᠶᠡᠬᠦ ᠬᠤᠭᠤᠴᠠᠭᠠᠨ ᠳᠤ ᠪᠠᠲᠤᠯᠠᠭ᠎ᠠ ᠲᠠᠢ ᠪᠠᠶᠢᠯᠭᠠᠨ᠎ᠠ᠃      ︵ᠠᠷᠪᠠᠨ ᠨᠢᠭᠡ︶ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠣᠷᠤᠯᠭ᠎ᠠ ᠪᠠᠭ᠎ᠠ ᠭᠡᠷ ᠪᠦᠯᠢ᠂ ᠬᠤᠲᠠ ᠪᠠᠯᠭᠠᠰᠤ ᠶᠢᠨ  ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢᠨ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠭᠦᠨ ᠢ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠵᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠂ ᠪᠦᠬᠦ ᠭᠡᠷ ᠢᠶᠠᠷ ᠢᠶᠠᠨ ᠠᠵᠢᠯ ᠦᠭᠡᠢ ᠭᠡᠷ ᠪᠦᠯᠢ ᠶᠢ ᠬᠥᠳᠡᠯᠦᠩᠭᠦᠢ ᠪᠠᠷ ︽ᠠᠷᠢᠯᠭᠠᠬᠤ︾ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠵᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠯᠲᠠ ᠲᠠᠢ ᠵᠢᠭᠡᠯᠡᠯᠭᠡ ᠥᠭᠬᠦ ᠵᠢᠴᠢ ᠲᠠᠮ ᠬᠦᠦ ᠮᠦᠩᠭᠦ᠂ ᠠᠵᠢᠯ ᠣᠯᠭᠤᠯᠲᠠ ᠶᠢᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠠᠵᠢᠯ ᠣᠯᠬᠤ ᠳᠤ ᠬᠦᠴᠢᠷᠲᠡᠢ ᠬᠥᠮᠥᠰ ᠠᠮᠢᠳᠤᠯᠢᠭ ᠢᠶᠠᠷ ᠠᠵᠢᠯ  ᠣᠯᠣᠭᠰᠠᠨ ᠤ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠳᠤ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠬᠤ ᠳᠤ ᠦᠨᠡᠬᠡᠷ ᠬᠦᠴᠢᠷᠲᠡᠢ ᠬᠦᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠠᠰᠢᠭᠯᠠᠨ ᠦᠨᠳᠦᠰᠦᠨ ᠵᠦᠢᠯ ᠢ ᠨᠢ ᠪᠠᠲᠤᠯᠠᠨ ᠲᠥᠪᠬᠢᠨᠡᠭᠦᠯᠬᠦ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠬᠦᠴᠢᠷᠳᠡᠯᠲᠡᠢ ᠬᠥᠮᠥᠰ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠵᠢᠭᠡᠯᠡᠯᠭᠡ ᠶᠢᠨ ᠳᠠᠮ ᠬᠦᠦ ᠮᠦᠩᠭᠦ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠣᠯᠣᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠰᠠᠭᠤᠯᠭᠠᠬᠤ᠂ ᠣᠷᠣᠯᠭ᠎ᠠ ᠶᠢ ᠬᠡᠯᠲᠦᠷᠢᠭᠦᠯᠬᠦ᠂ ᠠᠯᠭᠤᠷ ᠤᠬᠤᠷᠢᠭᠤᠯᠤᠨ ᠭᠠᠷᠭᠠᠬᠤ ᠪᠠ ᠠᠭᠠᠵᠢᠮ ᠢᠶᠠᠷ ᠤᠬᠤᠷᠢᠭᠤᠯᠤᠨ ᠭᠠᠷᠭᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠳᠣᠲᠣᠭᠠᠳᠤ ᠶᠢᠨ ᠬᠥᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠭᠠᠵᠠᠷ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠨᠢ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠣᠯᠬᠤ ᠳᠤ ᠬᠦᠴᠢᠷᠲᠡᠢ ᠬᠦᠮᠦᠨ ᠢᠶᠠᠷ ᠮᠠᠭᠠᠳᠯᠠᠭᠤᠯᠤᠨ ᠲᠤᠭᠲᠠᠭᠠᠯᠭᠠᠬᠤ ᠪᠠᠷ ᠭᠤᠶᠤᠴᠢᠯᠠᠵᠤ᠂ ᠠᠵᠢᠯ ᠣᠯᠭᠤᠯᠲᠠ ᠶᠢᠨ ᠲᠤᠰᠠᠯᠠᠮᠵᠢ ᠬᠦᠷᠲᠡᠵᠦ ᠪᠣᠯᠣᠨ᠎ᠠ      ︵ᠠᠷᠪᠠᠨ ᠬᠤᠶᠠᠷ︶ ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ︽ᠬᠥᠬᠡᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠵᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠳᠤ ᠵᠠᠰᠠᠪᠤᠷᠢ ᠣᠷᠤᠭᠤᠯᠤᠨ᠎ᠠ᠃ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠭᠠᠯᠢ ᠶᠢᠨ ᠭᠠᠮᠰᠢᠭ ᠡᠭᠦᠰᠬᠦ ᠦᠶ᠎ᠡ ᠳᠤ ᠴᠠᠭ ᠲᠤᠬᠠᠢ ᠳᠤᠨᠢ ᠬᠦᠳᠡᠯᠦᠯᠴᠡᠵᠦ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠮᠢᠳᠤᠷᠠᠯ᠂ ᠲᠠᠷᠢᠶᠠᠨ ᠭᠠᠵᠠᠷ᠂ ᠣᠷᠣᠨ ᠰᠠᠭᠤᠴᠠ ᠨᠢ ᠬᠤᠬᠢᠷᠠᠯ ᠳᠤ ᠤᠴᠠᠷᠠᠭᠰᠠᠨ ᠭᠠᠮᠰᠢᠭᠳᠠᠭᠰᠠᠨ ᠤᠯᠠᠨ ᠲᠦᠮᠡᠨ ᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠠᠪᠳᠤᠨ ᠲᠠᠷᠢᠬᠤ᠂ ᠥᠭᠡᠷᠡᠴᠢᠯᠡᠨ ᠲᠠᠷᠢᠵᠦ ᠨᠥᠬᠦᠵᠦ ᠲᠠᠷᠢᠬᠤ᠂ ᠪᠠᠴᠢᠮ ᠰᠢᠯᠵᠢᠭᠦᠯᠦᠨ ᠲᠥᠪᠬᠢᠨᠡᠭᠦᠯᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠪᠤᠷᠠᠨ ᠲᠤᠰᠠᠯᠠᠵᠤ᠂ ᠲᠣᠭᠲᠠᠭᠠᠭᠰᠠᠨ ᠵᠢᠷᠤᠮ ᠶᠣᠰᠣᠭᠠᠷ ᠭᠠᠮᠰᠢᠭ ᠠᠴᠠ ᠠᠪᠤᠷᠠᠬᠤ ᠪᠡᠯᠡ ᠮᠥᠩᠭᠦ ᠭᠤᠶᠤᠴᠢᠯᠠᠬᠤ ᠶᠢᠨ ᠬᠠᠮᠲᠤ ᠭᠠᠮᠰᠢᠭᠳᠠᠭᠰᠠᠨ ᠭᠠᠵᠠᠷ ᠤᠨ ᠵᠠᠰᠠᠭ ᠤᠨ ᠣᠷᠳᠣᠨ ᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠵᠣᠬᠢᠴᠠᠭᠤᠯᠤᠨ ᠲᠠᠷᠬᠠᠭᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ  ᠪᠠᠲᠤᠯᠠᠨ᠎ᠠ᠃ ᠭᠠᠮᠰᠢᠭᠳᠠᠭᠰᠠᠨ ᠤᠯᠠᠨ ᠲᠦᠮᠡᠨ ᠤ ᠡᠪᠦᠯ ᠬᠠᠪᠤᠷ ᠤᠨ ᠠᠪᠤᠷᠠᠨ ᠲᠤᠰᠠᠯᠠᠯᠲᠠ ᠶᠢᠨ ᠲᠤᠭ᠎ᠠ ᠪᠦᠷᠢᠳᠬᠡᠯ ᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠲᠥᠪ  ᠤᠨ ᠡᠪᠦᠯ ᠬᠠᠪᠤᠷ  ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠪᠣᠯᠣᠨ ᠬᠥᠬᠡᠬᠤᠲᠠ ᠶᠢᠨ ᠪᠠᠶᠢᠭᠠᠯᠢ ᠶᠢᠨ ᠭᠠᠮᠰᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠤᠶᠤᠴᠢᠯᠠᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠨ᠂ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠠᠮᠰᠢᠭᠳᠠᠭᠰᠠᠨ ᠤᠯᠠᠨ ᠲᠦᠮᠡᠨ ᠤ ᠭᠠᠷ ᠲᠤ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠨ᠎ᠠ᠃      ︵ᠠᠷᠪᠠᠨ ᠭᠤᠷᠪᠠ︶ ᠪᠤᠰᠤᠳ ᠠᠪᠤᠷᠠᠨ ᠲᠤᠰᠠᠯᠠᠯᠲᠠ ᠲᠤᠰᠠᠯᠠᠮᠵᠢ ᠳᠡᠳᠬᠦᠮᠵᠢ ᠶᠢ ᠬᠥᠭᠵᠢᠭᠦᠯᠦᠨ᠎ᠡ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ  ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠬᠤᠰᠢᠭᠤ ᠰᠢᠶᠠᠨ ᠲᠣᠭᠤᠷᠢᠭ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠣᠷᠣᠯᠭ᠎ᠠ ᠳᠣᠣᠷ᠎ᠠ ᠭᠡᠷ ᠪᠦᠯᠢ ᠳᠤ ᠬᠦᠷᠲᠡᠯ᠎ᠡ ᠤᠷᠲᠤᠳᠬᠠᠵᠤ᠂ ᠬᠦᠨᠳᠦ ᠵᠡᠷᠭᠡ ᠶᠢᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠬᠦᠨᠳᠦ ᠪᠤᠰᠤ ᠣᠶᠤᠨ ᠤ ᠪᠠ ᠣᠶᠤᠨ ᠮᠡᠳᠡᠷᠡᠯ ᠤᠨ ᠵᠡᠮᠳᠡᠭ ᠪᠤᠶᠤ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠬᠦ ᠶᠢ ᠵᠣᠷᠢᠭᠵᠢᠭᠤᠯᠤᠨ᠎ᠠ᠃ ᠬᠦᠴᠢᠷᠳᠡᠯᠲᠡᠢ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠴᠤ ᠥᠭᠬᠦ ᠳᠦᠷᠢᠮ ᠢ ᠲᠡᠭᠦᠯᠳᠡᠷᠵᠢᠭᠦᠯᠵᠦ᠂ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠰᠡᠳᠬᠢᠴᠡ ᠶᠢᠨ ᠵᠢᠯᠣᠭᠤᠳᠤᠯᠭ᠎ᠠ︾ ︽ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ︾ ᠵᠡᠷᠭᠡ  ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ︽ᠭᠤᠷᠪᠠᠨ ᠵᠦᠢᠯ ᠤᠨ ᠭᠡᠷ ᠢᠶᠠᠨ ᠰᠠᠬᠢᠵᠤ ᠬᠤᠴᠣᠷᠤᠭᠰᠠᠳ︾ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭ ᠬᠡᠦᠬᠡᠳ ᠢ ᠡᠷᠡᠭᠦᠯᠵᠢᠭᠦᠯᠦᠨ ᠠᠪᠤᠷᠠᠨ ᠲᠤᠰᠠᠯᠠᠬᠤ ᠠᠵᠢᠯ ᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠠᠪᠤᠷᠠᠨ  ᠲᠤᠰᠠᠯᠠᠯᠲᠠ ᠶᠢᠨ ᠦᠢᠯᠡᠴᠢᠯᠡᠭᠡ ᠬᠠᠩᠭᠠᠨ᠎ᠠ᠃ ᠳᠤᠯᠠᠭᠠᠯᠠᠭ᠎ᠠ ᠶᠢᠨ ᠠᠪᠤᠷᠠᠨ ᠲᠤᠰᠠᠯᠠᠯᠲᠠ᠂ ᠬᠥᠳᠡᠭᠡ ᠲᠣᠰᠬᠤᠨ ᠤ ᠡᠮᠡᠭᠲᠡᠶᠢᠴᠦᠳ ᠤᠨ ︽ᠬᠤᠶᠠᠷ ᠥᠮᠡᠨ︾ ᠤ ᠠᠪᠤᠷᠠᠨ ᠲᠤᠰᠠᠯᠠᠯᠲᠠ ᠪᠠ ︽ᠠᠰᠠᠷᠠᠮᠵᠢ ᠶᠢᠨ ᠰᠤᠭᠤᠯᠤᠭ᠎ᠠ ᠠᠴᠠ ᠬᠠᠶᠢᠷ᠎ᠠ ᠬᠠᠯᠠᠮᠵᠢ ᠬᠦᠷᠭᠡᠬᠦ︾ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃      ᠳᠥᠷᠪᠡ᠂ ᠪᠠᠴᠢᠮ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠴᠠᠭ ᠬᠤᠭᠤᠴᠠᠭᠠᠲᠤ ᠴᠢᠨᠠᠷ ᠢ  ᠴᠢᠩᠭᠠᠳᠬᠠᠨ᠎ᠠ      ︵ᠠᠷᠪᠠᠨ ᠳᠥᠷᠪᠡ︶ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ᠂ ᠭᠠᠮᠰᠢᠭ ᠤᠨ ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠠᠮᠢᠳᠤᠷᠠᠯ ᠨᠢ  ᠬᠦᠴᠢᠷᠳᠡᠯᠲᠡᠢ ᠭᠡᠷ ᠪᠦᠯᠢ ᠪᠠ ᠬᠤᠪᠢ ᠬᠥᠮᠥᠨ ᠳᠤ᠂ ᠬᠦᠴᠢᠷᠳᠡᠯ ᠤᠨ ᠬᠡᠮᠵᠢᠶ᠎ᠡ ᠶᠢ ᠨᠢ ᠦᠨᠳᠦᠰᠦᠯᠡᠨ ᠲᠥᠷᠥᠯ ᠬᠤᠪᠢᠶᠠᠨ ᠲᠠᠰ ᠬᠤᠪᠢᠶᠠᠨ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ᠂ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠵᠠᠷᠤᠳᠠᠯ ᠤᠨ ᠳᠠᠷᠤᠭᠠᠰᠤ ᠬᠡᠲᠦ ᠬᠦᠨᠳᠦᠷᠡᠭᠰᠡᠨ ᠠᠴᠠ ᠪᠣᠯᠵᠤ ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠲᠤ ᠲᠣᠰ ᠲᠣᠰ ᠲᠤᠬᠠᠢ ᠶᠢᠨ ᠭᠠᠵᠠᠷ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 3 ︱ 12 ᠳᠠᠬᠢᠨ ᠢᠶᠠᠷ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ ᠪᠣᠯᠣᠨ᠎ᠠ᠃ ᠪᠠᠴᠢᠮ  ᠬᠦᠴᠢᠷᠳᠡᠯ ᠤᠨ ᠬᠡᠯᠪᠡᠷᠢ ᠶᠢᠨ ᠲᠦᠷ ᠴᠠᠭ ᠤᠨ  ᠠᠪᠤᠷᠠᠨ ᠲᠤᠰᠠᠯᠠᠯᠲᠠ ᠳᠤ᠂ ᠤᠷᠢᠳᠠᠪᠠᠷ ᠠᠪᠤᠷᠠᠨ ᠲᠤᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠬᠦᠴᠢᠷᠳᠡᠯ ᠡᠭᠦᠰᠦᠭᠰᠡᠨ ᠭᠠᠵᠠᠷ ᠤᠨ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ  ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠭᠤᠳ ᠲᠦᠷ ᠴᠠᠭ ᠤᠨ  ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ ᠠᠮᠢᠳᠤᠷᠠᠯ ᠨᠢ ᠬᠦᠨᠳᠦ ᠶᠡᠭᠡ ᠬᠦᠴᠢᠷᠳᠡᠯᠲᠡᠢ ᠳᠤ᠂ ︽ᠨᠢᠭᠡ  ᠤᠴᠢᠷ ᠢ ᠨᠢᠭᠡ ᠵᠥᠪᠯᠡᠵᠦ︾ ᠲᠦᠷ ᠴᠠᠭ ᠤᠨ ᠠᠪᠤᠷᠠᠨ ᠲᠤᠰᠠᠯᠠᠯᠲᠠ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠳᠦᠷᠢᠮ ᠢ ᠪᠦᠷᠢᠨᠰᠢᠭᠦᠯᠵᠦ᠂ ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠮᠦᠩᠭᠦ ᠶᠢᠨ ᠲᠤᠭ᠎ᠠ ᠨᠢ ᠲᠤᠬᠠᠢ ᠶᠢᠨ ᠭᠠᠵᠠᠷ ᠤᠨ ᠲᠤᠰ ᠵᠢᠯ ᠤᠨ ᠰᠠᠷ᠎ᠠ ᠶᠢᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 5 ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠢᠶᠠᠩ ᠪᠠᠯᠭᠠᠰᠤ ︵ᠵᠡᠭᠡᠯᠢ ᠭᠤᠳᠤᠮᠵᠢ︶  ᠠᠴᠠ ᠬᠠᠷᠢᠭᠤᠴᠠᠨ ᠬᠢᠨᠠᠨ ᠵᠥᠪᠰᠢᠶᠡᠷᠡᠵᠦ ᠮᠠᠭᠠᠳᠯᠠᠨ  ᠲᠤᠭᠲᠠᠭᠠᠵᠤ᠂  ᠠᠪᠤᠷᠠᠨ ᠲᠤᠰᠠᠯᠠᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ᠂ ᠰᠠᠭᠤᠭ᠎ᠠ ᠭᠠᠵᠠᠷ ᠭᠤᠶᠤᠴᠢᠯᠠᠬᠤ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠪᠠᠴᠢᠮ ᠬᠦᠴᠢᠷᠳᠡᠯ  ᠡᠭᠦᠰᠦᠭᠰᠡᠨ ᠭᠠᠵᠠᠷ ᠠᠴᠠ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠨ᠎ᠠ᠃      ︵ᠠᠷᠪᠠᠨ ᠲᠠᠪᠤ︶  ᠠᠮᠢᠳᠤᠷᠠᠯ ᠢᠶᠠᠨ ᠠᠷᠭᠠᠴᠠᠭᠠᠬᠤ ᠠᠷᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠪᠠ ᠰᠢᠯᠵᠢᠭᠦᠯᠦᠨ ᠲᠠᠨᠢᠯᠴᠠᠭᠤᠯᠵᠤ ᠰᠢᠢᠳᠪᠦᠷᠢᠯᠡᠬᠦ᠂ ᠪᠡᠶ᠎ᠡ ᠶᠢᠨ ᠭᠠᠷᠤᠯ ᠢ ᠪᠠᠶᠢᠴᠠᠭᠠᠨ ᠯᠠᠪᠯᠠᠬᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠥᠰ ᠤᠨ ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠡᠬᠢ ᠡᠭᠦᠰᠦᠯ ᠠᠴᠠ ᠨᠢ ᠵᠠᠰᠠᠬᠤ ᠪᠠ ᠪᠤᠴᠠᠭᠠᠨ ᠲᠣᠭᠲᠠᠭᠤᠨ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ 3 ᠰᠠᠷ᠎ᠠ ᠥᠩᠭᠡᠷᠡᠭᠡᠳ ᠮᠥᠨ ᠬᠦ ᠪᠡᠶ᠎ᠡ ᠤᠨ ᠭᠠᠷᠤᠯ ᠤᠨ ᠮᠡᠳᠡᠭᠡ ᠵᠠᠩᠭᠢ ᠶᠢ ᠨᠢ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ ᠣᠷᠤᠩᠨᠠᠵᠤ ᠰᠠᠭᠤᠭᠰᠠᠨ ᠬᠥᠮᠥᠰ ᠲᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠷᠳᠣ ᠬᠤᠭᠤᠴᠠᠭ᠎ᠠ ᠪᠠᠷ ᠣᠷᠤᠩᠨᠠᠵᠤ ᠰᠠᠭᠤᠭᠰᠠᠨ ᠬᠥᠮᠥᠰ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠣᠷᠳᠣ ᠬᠤᠭᠤᠴᠠᠭ᠎ᠠ ᠪᠠᠷ ᠣᠷᠤᠩᠨᠠᠵᠤ ᠰᠠᠭᠤᠭᠰᠠᠨ ᠬᠥᠮᠥᠰ ᠲᠤ ᠡᠷᠦᠬᠡ ᠠᠮᠠ ᠣᠷᠣᠭᠤᠯᠬᠤ ᠠᠵᠢᠯ ᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠬᠥᠮᠥᠰ ᠲᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠡᠨᠦᠭᠦᠴᠢᠯᠡᠨ ᠭᠤᠶᠢᠷᠠᠨᠴᠢᠯᠠᠵᠤ  ᠶᠠᠪᠤᠭ᠎ᠠ ᠬᠥᠮᠥᠰ ᠢ ᠪᠤᠴᠠᠭᠠᠨ ᠬᠦᠷᠭᠡᠬᠦ ᠶᠠᠪᠤᠴᠠ ᠳᠠᠬᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠲᠥᠭᠡᠷᠢᠭᠰᠡᠨ᠂ ᠠᠵᠢᠯ ᠬᠢᠬᠦ ᠠᠷᠭ᠎ᠠ ᠦᠭᠡᠢ ᠪᠣᠯᠤᠭᠰᠠᠨ᠂ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠵᠡᠷᠭᠡ ᠭᠡᠷ ᠠᠴᠠ ᠪᠠᠨ ᠰᠠᠯᠤᠭᠰᠠᠨ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠲᠤ ᠢᠳᠡᠪᠬᠢᠲᠡᠢ ᠠᠪᠤᠷᠠᠨ ᠲᠤᠰᠠᠯᠠᠯᠲᠠ ᠣᠯᠭᠤᠨ᠎ᠠ᠃      ︵ᠠᠷᠪᠠᠨ ᠵᠢᠷᠭᠤᠭ᠎ᠠ︶ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠠᠴᠠ ᠪᠣᠯᠤᠭᠰᠠᠨ ᠬᠦᠴᠢᠷᠳᠡᠯᠲᠡᠢ ᠣᠯᠠᠨ ᠲᠦᠮᠡᠨ ᠳᠤ ᠪᠠᠴᠢᠮ ᠬᠦᠴᠢᠷᠳᠡᠯ ᠤᠨ ᠠᠪᠤᠷᠠᠨ ᠲᠤᠰᠠᠯᠠᠯᠲᠠ ᠶᠢ ᠬᠡᠷᠡᠭᠵᠢᠬᠦᠯᠦᠨ᠎ᠡ᠃ ᠬᠦᠴᠢᠷᠳᠡᠯᠲᠡᠢ ᠣᠯᠠᠨ ᠲᠦᠮᠡᠨ ᠤ ᠪᠠᠴᠢᠮ ᠬᠦᠴᠢᠷᠳᠡᠯ ᠢ ᠠᠪᠤᠷᠠᠨ ᠲᠤᠰᠠᠯᠠᠬᠤ ᠶᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠬᠤᠯᠪᠤᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠳᠤ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠠᠬᠢ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠪᠠᠴᠢᠮ ᠠᠪᠤᠷᠠᠨ ᠲᠤᠰᠠᠯᠠᠬᠤ ᠲᠠᠰ ᠳᠠᠷᠠᠭᠠᠯᠠᠯ ᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠬᠥᠮᠥᠰ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠱᠠᠳᠤᠴᠢ ᠴᠢᠨᠠᠷᠲᠠᠢ ᠪᠠᠷ ᠲᠦᠷ ᠴᠠᠭ ᠤᠨ ᠠᠮᠢᠳᠤᠷᠠᠯ ᠤᠨ ᠨᠥᠬᠦᠪᠦᠷᠢ ᠪᠠ ᠦᠨᠳᠦᠰᠦᠨ ᠠᠮᠢᠳᠤᠷᠠᠯ ᠤᠨ ᠡᠳ᠋ ᠪᠣᠳᠠᠰ ᠢ ᠲᠠᠷᠬᠠᠭᠠᠵᠤ᠂ ᠲᠣᠭᠲᠠᠭᠠᠭᠰᠠᠨ ᠨᠥᠬᠦᠴᠡᠯ ᠶᠣᠰᠣᠭᠠᠷ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃      ᠲᠠᠪᠤ᠂ ᠨᠡᠶᠢᠭᠡᠮ ᠤᠨ ᠬᠦᠴᠦᠨ ᠤ ᠣᠷᠤᠯᠴᠠᠯᠭ᠎ᠠ ᠶᠢᠨ ᠣᠯᠠᠨ ᠡᠰᠢᠲᠦ ᠴᠢᠨᠠᠷ ᠢ  ᠴᠢᠩᠭᠠᠳᠬᠠᠨ᠎ᠠ      ︵ᠠᠷᠪᠠᠨ ᠳᠣᠯᠤᠭ᠎ᠠ︶ ᠨᠢᠭᠦᠯᠡᠰᠦᠩᠭᠦᠢ ᠶᠢᠨ ᠦᠢᠯᠡᠰ ᠢ ᠪᠦᠷᠢᠨᠰᠢᠭᠦᠯᠬᠦ ᠪᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠬᠠᠨᠳᠢᠪᠯᠠᠬᠤ᠂  ᠲᠦᠷᠦᠯ ᠵᠦᠢᠯ ᠪᠠᠶᠢᠭᠤᠯᠬᠤ᠂ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠨᠢᠭᠦᠯᠡᠰᠦᠩᠭᠦᠢ ᠶᠢᠨ ᠠᠪᠤᠷᠠᠨ ᠲᠤᠰᠠᠯᠠᠬᠤ ᠠᠵᠢᠯᠯᠠᠭ᠎ᠠ ᠶᠢ ᠰᠠᠶᠢᠨ ᠳᠤᠷ᠎ᠠ ᠠᠴᠠ ᠪᠠᠨ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠠᠯ᠎ᠠ ᠶᠢᠨ ᠵᠠᠷᠤᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ ᠵᠢᠯᠤᠭᠤᠳᠴᠤ᠂ ᠨᠡᠶᠢᠭᠡᠮ ᠤᠨ ᠠᠪᠤᠷᠠᠨ ᠲᠤᠰᠠᠯᠠᠯᠲᠠ ᠳᠤ ᠣᠷᠣᠯᠴᠠᠭᠰᠠᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠶᠢ ᠨᠠᠶᠢᠳᠠᠪᠤᠷᠢᠵᠢᠭᠤᠯᠤᠨ᠎ᠠ᠃      ︵ᠠᠷᠪᠠᠨ ᠨᠠᠢᠮᠠ︶ ᠨᠡᠶᠢᠭᠡᠮ  ᠤᠨ ᠠᠵᠢᠯ ᠤᠨ ᠲᠤᠰᠬᠠᠢ ᠮᠡᠷᠭᠡᠵᠢᠯ ᠤᠨ ᠬᠦᠴᠦᠨ ᠨᠡᠶᠢᠭᠡᠮ ᠤᠨ ᠠᠪᠤᠷᠠᠨ ᠲᠤᠰᠠᠯᠠᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ  ᠲᠠᠪᠴᠠᠩ ᠳᠤ ᠲᠦᠰᠢᠭᠯᠡᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠠᠪᠤᠷᠠᠨ ᠲᠤᠰᠠᠯᠠᠯᠲᠠ ᠳᠤ ᠣᠷᠤᠯᠴᠠᠬᠤ ᠳᠤ ᠴᠢᠬᠤᠯᠠ ᠪᠦᠬᠦᠢ ᠠᠵᠢᠯᠯᠠᠬᠤ ᠲᠠᠯᠠᠪᠤᠷ ᠬᠠᠩᠭᠠᠵᠤ᠂ ᠲᠡᠳᠡᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠠᠯᠠᠭ᠎ᠠ ᠮᠥᠴᠢᠷ ᠢ ᠬᠠᠪᠰᠤᠷᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠦᠨᠡᠯᠡᠨ ᠵᠢᠱᠢᠬᠦ᠂ ᠲᠠᠩᠰᠠ ᠡᠪᠬᠡᠮᠡᠯ ᠪᠠᠶᠢᠭᠤᠯᠤᠨ ᠰᠣᠷᠪᠤᠯᠵᠢᠯᠠᠨ ᠦᠵᠡᠬᠦ᠂ ᠬᠡᠷᠡᠭᠴᠡᠭᠡ ᠱᠠᠭᠠᠷᠳᠠᠯᠭ᠎ᠠ ᠶᠢ ᠵᠠᠳᠠᠯᠬᠤ ᠵᠡᠷᠭᠡ ᠬᠡᠷᠡᠭ ᠶᠠᠪᠤᠳᠠᠯ ᠢ ᠥᠷᠨᠢᠭᠦᠯᠬᠦ ᠶᠢ ᠵᠣᠷᠢᠭᠵᠢᠭᠤᠯᠵᠤ᠂ ᠠᠪᠤᠷᠠᠨ ᠲᠤᠰᠠᠯᠠᠬᠤ ᠡᠲᠡᠭᠡᠳ ᠲᠤ ᠰᠡᠳᠬᠢᠴᠡ ᠶᠢᠨ ᠵᠢᠯᠣᠭᠤᠳᠤᠯᠭ᠎ᠠ᠂ ᠡᠬᠢ ᠪᠠᠶᠠᠯᠢᠭ ᠤᠨ ᠬᠤᠯᠪᠤᠭᠠᠰᠤ᠂ ᠴᠢᠳᠠᠪᠤᠷᠢ ᠶᠢᠨ ᠳᠡᠭᠡᠭᠰᠢᠯᠡᠯᠲᠡ᠂ ᠨᠡᠶᠢᠭᠡᠮ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃      ︵ᠠᠷᠪᠠ ᠶᠢᠰᠦ︶ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠢᠳᠡᠪᠬᠢᠲᠡᠢ ᠬᠤᠳᠠᠯᠳᠤᠨ ᠠᠪᠤᠨ᠎ᠠ ᠃ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠯᠲᠠ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ ᠡᠯ᠎ᠡ ᠱᠠᠲᠤᠨ ᠤ ᠨᠢᠭᠡᠨᠲᠡ ᠪᠠᠶᠢᠭ᠎ᠠ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠵᠠᠷᠤᠳᠠᠯ ᠪᠤᠶᠤ ᠨᠡᠶᠢᠭᠡᠮ ᠤᠨ ᠠᠪᠤᠷᠠᠨ ᠲᠤᠰᠠᠯᠠᠬᠤ ᠲᠤᠰᠬᠠᠢ ᠲᠦᠷᠦᠯ ᠤᠨ ᠵᠠᠷᠤᠳᠠᠯ ᠤᠨ ᠳᠣᠲᠣᠷ᠎ᠠ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠳᠡᠭᠡᠷ᠎ᠡ ᠵᠢᠯ ᠤᠨ ᠲᠥᠪ ᠪᠠ ᠥᠪᠡᠷᠲᠡᠭᠡᠨ ᠵᠠᠰᠠᠬᠤ ᠣᠷᠣᠨ   ᠠᠴᠠ ᠳᠣᠷᠣᠭᠰᠢ ᠪᠠᠭᠤᠯᠭᠠᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢᠨ ᠶᠡᠷᠦᠩᠬᠡᠢ ᠨᠡᠶᠢᠯᠡᠪᠦᠷᠢ ᠶᠢᠨ 2%   ᠠᠴᠠ ᠳᠠᠪᠠᠭᠤᠯᠬᠤ ᠦᠭᠡᠢ᠃ ᠡᠯ᠎ᠡ ᠭᠠᠵᠠᠷ ᠤᠨ ᠬᠢᠨ ᠲᠣᠰ ᠱᠠᠲᠤᠨ ᠤ ᠲᠣᠬᠢᠷᠠᠭᠤᠯᠤᠭᠰᠠᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠲᠤᠰᠬᠠᠢ ᠪᠡᠯᠡ ᠮᠥᠩᠭᠦ ᠶᠢᠨ ᠳᠣᠲᠣᠷ᠎ᠠ ᠠᠴᠠ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠵᠠᠷᠤᠳᠠᠯ ᠢ ᠬᠤᠪᠢᠶᠠᠷᠢᠯᠠᠨ ᠰᠢᠯᠵᠢᠬᠦᠯᠬᠦ ᠳᠤ᠂ ᠲᠥᠰᠥᠪ ᠢ ᠨᠠᠶᠢᠷᠠᠭᠤᠯᠤᠨ ᠵᠣᠬᠢᠶᠠᠬᠤ ᠡᠬᠢᠨ ᠤ ᠬᠤᠭᠤᠴᠠᠭᠠᠨ ᠳᠤ ᠪᠤᠶᠤ ᠬᠠᠤᠯᠢ ᠶᠣᠰᠣᠭᠠᠷ ᠲᠥᠰᠥᠪ ᠲᠤ ᠲᠣᠬᠢᠷᠠᠭᠤᠯᠤᠯᠲᠠ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠳᠣᠷᠬᠠᠶᠢᠯᠠᠬᠤ ᠬᠡᠷᠡᠭᠲᠡᠢ᠃      ᠵᠢᠷᠭᠤᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠥᠨᠳᠥᠷ ᠪᠦᠲᠦᠮᠵᠢᠲᠦ ᠴᠢᠨᠠᠷ ᠢ  ᠴᠢᠩᠭᠠᠳᠬᠠᠨ᠎ᠠ      ︵ᠬᠤᠷᠢ︶ ᠰᠠᠨᠠᠭᠠᠴᠢᠯᠠᠭ᠎ᠠ ᠲᠠᠢ ᠢᠯᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠨᠡᠶᠢᠭᠡᠮ ᠲᠣᠭᠤᠷᠢᠭ ᠤᠨ ᠲᠣᠣᠷᠵᠢᠭᠰᠠᠨ ᠵᠠᠰᠠᠯᠲᠠ ᠳᠤ ᠠᠭᠤᠰᠬᠠᠵᠤ᠂ ᠬᠦᠴᠢᠷᠳᠡᠯᠲᠡᠢ ᠣᠯᠠᠨ ᠲᠦᠮᠡᠨ ᠢ ᠰᠤᠷᠪᠤᠯᠵᠢᠯᠠᠬᠤ᠂ ᠢᠯᠡᠷᠡᠭᠦᠯᠬᠦ ᠶᠢ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠠᠵᠢᠯ ᠤᠨ ᠠᠭᠤᠯᠭ᠎ᠠ ᠳᠤ ᠣᠷᠤᠭᠤᠯᠤᠨ᠎ᠠ᠃ ᠣᠷᠣᠯᠭ᠎ᠠ ᠳᠣᠣᠷ᠎ᠠ ᠭᠡᠷ ᠪᠦᠯᠢ ᠶᠢ ᠬᠥᠳᠡᠯᠦᠩᠭᠦᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠳᠣᠣᠷ᠎ᠠ ᠬᠥᠮᠥᠨ ᠠᠮᠠ ᠶᠢ ᠬᠥᠳᠡᠯᠦᠩᠭᠦᠢ ᠬᠢᠨᠠᠨ ᠬᠡᠮᠵᠢᠬᠦ ᠭᠦᠢᠴᠡᠳᠬᠡᠯ ᠲᠣᠭᠠᠨ ᠤ  ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ 12345 ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ︾ ᠦᠢᠯᠡᠴᠢᠯᠡᠭᠡᠨ ᠤ ᠲᠠᠪᠴᠠᠩ ᠳᠤ ᠨᠡᠶᠢᠭᠡᠮ ᠤᠨ ᠠᠪᠤᠷᠠᠨ ᠲᠤᠰᠠᠯᠠᠬᠤ ᠵᠦᠭᠯᠡᠭᠦᠷ ᠢ ᠵᠠᠯᠭᠠᠨ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠤᠰᠠᠯᠠᠮᠵᠢ ᠶᠢᠨ ᠭᠤᠶᠤᠴᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ ᠪᠠ  ᠭᠦᠢᠴᠡᠳᠬᠡᠬᠦ ᠶᠢ ᠦᠨᠡᠨᠬᠦ ᠪᠠᠲᠤᠯᠠᠨ᠎ᠠ᠃      ︵ᠬᠤᠷᠢᠨ ᠨᠢᠭᠡ︶ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠵᠡᠷᠭᠡ ᠶᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠤᠨ ᠬᠡᠪᠴᠢᠶ᠎ᠡ ᠶᠢ ᠲᠠᠰ ᠳᠠᠷᠠᠭᠠᠯᠠᠯ ᠶᠣᠰᠣᠭᠠᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠬᠠᠶᠢᠯᠠᠭᠰᠠᠨ ᠠᠵᠢᠯ ᠳᠠᠬᠢ ᠵᠢᠯᠣᠭᠤᠳᠤᠯᠭ᠎ᠠ᠂ ᠪᠣᠯᠪᠠᠰᠤᠷᠠᠭᠤᠯᠤᠯ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠴᠤᠪᠤᠷᠠᠯ ᠢ ᠳᠥᠭᠦᠮᠴᠢᠯᠡᠵᠦ᠂ ᠬᠦᠴᠢᠷᠳᠡᠯᠲᠡᠢ ᠣᠯᠠᠨ ᠲᠦᠮᠡᠨ ᠰᠢᠭᠤᠳ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠨ ᠳᠤ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 25 ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠵᠦ᠂  ᠣᠨᠴᠠᠭᠠᠢ ᠪᠠᠶᠢᠳᠠᠯ ᠳᠤ 40 ᠠᠵᠢᠯ ᠤᠨ ᠡᠳᠦᠷ ᠤᠨ ᠳᠣᠲᠣᠷ᠎ᠠ ᠪᠡᠶᠡᠯᠡᠭᠦᠯᠬᠦ ᠪᠣᠯᠭᠠᠨ ᠪᠣᠭᠤᠨᠢᠰᠬᠠᠨ᠎ᠠ᠃ ᠮᠠᠷᠭᠤᠯᠳᠤᠭᠠᠨ ᠦᠭᠡᠢ ᠠᠪᠤᠷᠠᠨ ᠲᠤᠰᠠᠯᠠᠯᠲᠠ ᠭᠤᠶᠤᠴᠢᠯᠠᠭᠰᠠᠨ  ᠭᠡᠷ ᠪᠦᠯᠢ ᠳᠤ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠢ ᠪᠠᠶᠢᠵᠤ ᠪᠣᠯᠣᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠭᠡᠷᠡᠴᠢᠯᠡᠯ ᠤᠨ ᠵᠦᠢᠯᠡᠰ ᠢ ᠮᠡᠳᠡᠭᠳᠡᠵᠦ ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠬᠤ  ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ  ᠭᠤᠶᠤᠴᠢᠯᠠᠭᠴᠢ ᠠᠴᠠ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠃      ︵ᠬᠤᠷᠢᠨ ᠬᠤᠶᠠᠷ︶ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠠᠷᠭᠤᠭᠤᠯᠬᠤ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠨᠡᠶᠢᠭᠡᠮ ᠤᠨ ᠠᠪᠤᠷᠠᠨ ᠲᠤᠰᠠᠯᠠᠯᠲᠠ ᠣᠯᠭᠤᠬᠤ ᠡᠲᠡᠭᠡᠳ ᠢ ᠮᠠᠭᠠᠳᠯᠠᠨ ᠲᠤᠭᠲᠠᠭᠠᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠤᠴᠢᠯᠠᠭᠰᠠᠨ ᠡᠲᠡᠭᠡᠳ ᠲᠤ ︽ᠠᠪᠤᠷᠠᠨ ᠲᠤᠰᠠᠯᠠᠯᠲᠠ ᠪᠦᠷᠢ ᠶᠢ ᠵᠠᠪᠠᠯ ᠬᠠᠷᠭᠤᠭᠤᠯᠬᠤ︾ ᠶᠢ ᠬᠡᠷᠡᠭᠵᠢᠭᠦᠯᠵᠦ᠂  ᠠᠪᠤᠷᠠᠨ ᠲᠤᠰᠠᠯᠠᠯᠲᠠ ᠶᠢ ᠨᠢᠭᠡᠨᠲᠡ ᠭᠥᠷᠳᠡᠭᠰᠡᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ᠎ᠠ᠃ ᠬᠤᠲᠠ ᠶᠢᠨ ᠱᠠᠲᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠠᠴᠠ ᠡᠷᠬᠡ ᠣᠯᠤᠭᠰᠠᠨ ᠤ ᠳᠠᠷᠠᠭ᠎ᠠ ᠂ ᠠᠪᠤᠷᠠᠨ ᠲᠤᠰᠠᠯᠠᠬᠤ ᠡᠲᠡᠭᠡᠳ ᠵᠢᠴᠢ ᠪᠦᠷᠢᠯᠳᠦᠭᠦᠨ ᠤ ᠡᠷᠦᠬᠡ ᠠᠮᠠ ᠶᠢᠨ ᠲᠠᠩᠰᠠ᠂ ᠭᠠᠶᠢᠯᠢ ᠲᠤᠰᠢᠶᠠᠭᠰᠠᠨ ᠲᠡᠮᠳᠡᠭᠯᠡᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠵᠢᠴᠢ ᠪᠠᠩᠬᠢ᠂ ᠬᠤᠳᠠᠯᠳᠤᠭᠠᠨ ᠤ ᠳᠠᠭᠠᠳᠬᠠᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠵᠤ ᠪᠣᠯᠣᠨ᠎ᠠ᠂ ᠮᠡᠳᠡᠭᠡ ᠵᠠᠩᠭᠢ ᠶᠢ ᠬᠠᠷᠭᠤᠭᠤᠯᠬᠤ ᠳᠤ ᠬᠤᠯᠪᠣᠭᠳᠠᠬᠤ ᠰᠠᠯᠠᠭ᠎ᠠ ᠮᠥᠴᠢᠷ ᠪᠠ ᠪᠠᠶᠢᠭᠤᠯᠤᠮᠵᠢ ᠨᠤᠭᠤᠳ  ᠬᠠᠷᠠᠭᠠᠯᠵᠠᠭᠰᠠᠨ ᠠᠵᠢᠯ ᠤᠨ ᠳᠦᠷᠢᠮ ᠪᠠᠶᠢᠭᠤᠯᠵᠤ᠂ ᠪᠣᠳᠠᠲᠠᠢ ᠳᠠᠭᠠᠭᠠᠨ ᠭᠦᠢᠴᠡᠳᠭᠡᠭᠴᠢ ᠶᠢ ᠲᠣᠳᠣᠷᠬᠠᠶᠢᠯᠠᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃      ︵ᠬᠤᠷᠢᠨ ᠭᠤᠷᠪᠠ︶ ︽ᠢᠨᠲ᠋ᠧᠷ ᠰᠦᠯᠵᠢᠶ᠎ᠡ + ᠨᠡᠶᠢᠭᠡᠮ ᠤᠨ ᠠᠪᠤᠷᠠᠨ ᠲᠤᠰᠠᠯᠠᠯᠲᠠ︾ ᠶᠢ ᠶᠡᠬᠡᠪᠡᠷ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠ ︽ᠬᠤᠲᠠ ᠶᠢᠨ ᠶᠡᠭᠡ ᠲᠠᠷᠢᠬᠢ︾ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠨᠡᠶᠢᠭᠡᠮ ᠤᠨ  ᠠᠪᠤᠷᠠᠨ ᠲᠤᠰᠠᠯᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠵᠡᠷᠭᠡ ᠶᠢᠨ  ᠠᠪᠤᠷᠠᠨ ᠲᠤᠰᠠᠯᠠᠵᠤ ᠬᠠᠪᠰᠤᠷᠤᠨ ᠲᠡᠳᠬᠦᠭᠰᠡᠨ ᠡᠯ᠎ᠡ ᠲᠥᠷᠥᠯ ᠤᠨ ᠮᠡᠳᠡᠭᠡ ᠵᠠᠩᠭᠢ ᠶᠢ  ᠴᠤᠭᠯᠠᠭᠤᠯᠤᠨ ᠬᠠᠮᠳᠤᠪᠡᠷ ᠡᠳ᠋ᠯᠡᠵᠦ᠂ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠪᠠ ᠨᠡᠶᠢᠭᠡᠮ ᠤᠨ ᠬᠦᠴᠦᠨ ᠤ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ ᠲᠤᠯᠭᠠᠭᠤᠷᠢᠯᠠᠯ ᠬᠠᠩᠭᠠᠨ᠎ᠠ᠃ ᠬᠥᠬᠡᠬᠤᠲᠠ ᠶᠢᠨ ︽ᠤᠶᠤᠨᠲᠤ ᠠᠪᠤᠷᠠᠨ ᠲᠤᠰᠠᠯᠠᠯᠲᠠ︾ ᠰᠦᠯᠵᠢᠶᠡᠨ ᠳᠡᠭᠡᠷ᠎ᠡ ᠭᠤᠶᠤᠴᠢᠯᠠᠬᠤ ᠠᠦ᠋ᠲ᠋ᠤ᠋ ᠦᠢᠯᠡᠴᠢᠯᠡᠭᠡᠨ ᠤ ᠲᠠᠪᠴᠠᠩ᠂ ᠠᠪᠤᠷᠠᠨ ᠲᠤᠰᠠᠯᠠᠬᠤ ᠡᠲᠡᠭᠡᠳ ᠤᠨ ᠲᠣᠭᠲᠠᠮᠠᠯ ᠬᠤᠭᠤᠴᠠᠭ᠎ᠠ  ᠲᠠᠢ ᠪᠠᠲᠤᠯᠠᠬᠤ APP ᠶᠢ ᠪᠦᠬᠦ ᠲᠠᠯ᠎ᠠ ᠪᠠᠷ  ᠳᠡᠯᠭᠡᠷᠡᠭᠦᠯᠬᠦ ᠶᠢᠨ ᠬᠠᠮᠲᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ  ︽ᠮᠦᠩᠭᠡ ᠰᠤᠪᠠᠭ︾ ︽ᠠᠢ ᠴᠢᠩ ᠴᠧᠩ︾ APP ᠳᠡᠭᠡᠷ᠎ᠡ ᠣᠷᠤᠭᠤᠯᠬᠤ ᠶᠢ ᠠᠬᠢᠭᠤᠯᠵᠤ᠂ ᠨᠡᠶᠢᠭᠡᠮ ᠤᠨ ᠠᠪᠤᠷᠠᠨ  ᠲᠤᠰᠠᠯᠠᠯᠲᠠ ᠶᠢᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠭᠦᠢᠴᠡᠳᠬᠡᠬᠦ︾ ︽ᠬᠤᠷᠤᠭᠤᠨ ᠦᠵᠦᠭᠦᠷ ᠢᠶᠠᠷ ᠬᠦᠢᠴᠡᠳᠭᠡᠬᠦ︾ ᠶᠢ ᠪᠡᠶᠡᠯᠡᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠭᠤᠶᠤᠴᠢᠯᠠᠬᠤ᠂ ᠭᠦᠢᠴᠡᠳᠬᠡᠬᠦ᠂ ᠯᠠᠪᠯᠠᠬᠤ ᠵᠡᠷᠭᠡ ᠶᠢᠨ ᠳᠥᠭᠦᠮ ᠳᠥᠲᠡ ᠲᠦᠷᠭᠡᠨ ᠦᠢᠯᠡᠴᠢᠯᠡᠭᠡ ᠶᠢ ᠬᠠᠩᠭᠠᠨ᠎ᠠ᠃      ᠲᠤᠯᠤᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ      ︵ᠬᠤᠷᠢᠨ ᠳᠥᠷᠪᠡ︶ ᠵᠣᠬᠢᠶᠠᠨ  ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠬᠠᠷᠢᠭᠤᠴᠠᠬᠤ᠂ ᠠᠷᠠᠳ ᠤᠨ ᠶᠠᠪᠤᠳᠠᠯ ᠠᠴᠠ ᠲᠦᠷᠦᠭᠦᠯᠡᠬᠦ᠂ ᠰᠠᠯᠠᠭ᠎ᠠ ᠮᠥᠴᠢᠷ ᠠᠴᠠ ᠬᠠᠮᠵᠢᠯᠴᠠᠬᠤ ᠂ ᠨᠡᠶᠢᠭᠡᠮ ᠢᠶᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ  ᠠᠪᠤᠷᠠᠨ ᠲᠤᠰᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠬᠠᠮᠲᠤᠷᠠᠭᠰᠠᠨ ᠬᠤᠷᠠᠯ︶ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠱᠠᠲᠤ ᠬᠤᠪᠢᠶᠠᠵᠤ ᠲᠥᠷᠥᠯ ᠬᠤᠪᠢᠶᠠᠭᠰᠠᠨ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠠᠪᠤᠷᠠᠨ  ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠢ᠃      ︵ᠬᠤᠷᠢᠨ ᠲᠠᠪᠤ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠶᠢ ᠬᠠᠷᠢᠭᠤᠴᠠᠨ᠎ᠠ︔ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠤᠯᠪᠤᠭᠳᠠᠯ ᠪᠦᠬᠦᠢ ᠲᠤᠰᠬᠠᠢ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠲᠣᠰ ᠲᠣᠰ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠪᠣᠯᠣᠨ ᠪᠠᠷᠠᠭᠠᠨ ᠤ ᠦᠨ᠎ᠡ ᠶᠢᠨ ᠬᠤᠪᠢᠷᠠᠯᠲᠠ ᠵᠡᠷᠭᠡ ᠪᠠᠶᠢᠳᠠᠯ ᠢ ᠦᠨᠳᠦᠰᠦᠯᠡᠨ᠂ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃      ︵ᠬᠤᠷᠢᠨ ᠵᠢᠷᠭᠤᠭ᠎ᠠ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰᠬᠤᠨ ︵ᠨᠡᠶᠢᠭᠡᠮ ᠲᠣᠭᠤᠷᠢᠭ︶  ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ  ᠲᠤᠰᠠᠯᠠᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ ᠠᠳᠠᠭ ᠲᠠᠭᠠᠨ 1 ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ︵ᠲᠤᠰᠢᠶᠠᠯ ᠬᠠᠪᠰᠤᠷᠭᠠᠭᠰᠠᠨ︶ ᠲᠣᠭᠲᠠᠭᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨ ᠵᠢᠯ ᠢᠶᠠᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠶᠢ ᠬᠢᠨᠠᠨ ᠰᠢᠯᠭᠠᠬᠤ ᠠᠵᠢᠯ ᠥᠷᠨᠢᠭᠦᠯᠵᠦ᠂ ᠱᠠᠩᠨᠠᠵᠤ ᠲᠣᠷᠭᠠᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠥᠷᠨᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠤᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠤᠰᠠᠯᠠᠭᠴᠢ ᠵᠡᠷᠭᠡ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ  ᠲᠤᠰᠠᠯᠠᠯᠲᠠ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂  ᠱᠠᠭᠠᠷᠳᠠᠭᠳᠠᠬᠤ ᠠᠵᠢᠯᠯᠠᠬᠤ ᠭᠠᠵᠠᠷ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠶᠢᠨ ᠵᠠᠷᠤᠳᠠᠯ ᠵᠢᠴᠢ ᠴᠠᠯᠢᠩ ᠬᠥᠯᠥᠰᠦ ᠣᠯᠭᠤᠮᠵᠢ ᠶᠢ ᠬᠠᠩᠭᠠᠨ᠎ᠠ ᠃ ᠬᠤᠲᠠ᠂ ᠬᠤᠰᠢᠭᠤ ᠰᠢᠶᠠᠨ ᠲᠣᠭᠤᠷᠢᠭ ᠨᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠬᠢᠷᠠᠭᠤᠯᠬᠤ ᠬᠡᠷᠡᠭᠲᠡᠢ᠃      ︵ᠬᠤᠷᠢᠨ ᠳᠣᠯᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠤᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠪᠡᠯᠡ ᠮᠥᠩᠭᠦ ᠶᠢ ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠪᠠ ᠰᠠᠭᠠᠲᠠᠭᠠᠭᠰᠠᠨ ᠵᠡᠷᠭᠡ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠠᠪᠤᠭᠰᠠᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠮᠡᠬᠡᠯᠡᠨ ᠣᠯᠣᠭᠰᠠᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠷᠡ ᠳᠠᠷᠤᠢ  ᠳᠤᠨᠢ ᠨᠡᠶᠢᠭᠡᠮ ᠤᠨ ᠠᠪᠤᠷᠠᠨ ᠲᠤᠰᠠᠯᠠᠯᠲᠠ ᠶᠢ ᠨᠢ ᠵᠣᠭᠰᠤᠭᠠᠬᠤ ᠪᠠᠷ ᠲᠣᠭᠲᠠᠭᠠᠵᠤ᠂ ᠮᠡᠬᠡᠯᠡᠨ ᠠᠪᠤᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠮᠥᠩᠭᠦ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ ᠠᠪᠴᠢᠷᠠᠬᠤ ᠶᠢᠨ ᠬᠠᠮᠲᠤ  ᠬᠠᠷᠠᠭᠠᠯᠵᠠᠭᠰᠠᠨ ᠬᠠᠷᠢᠭᠤᠴᠠᠯᠭ᠎ᠠ ᠨᠡᠬᠡᠮᠵᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠤᠨ   ᠬᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ  ᠶᠢ ᠡᠭᠦᠳᠬᠦ  ᠶᠢ  ᠵᠣᠷᠢᠭᠵᠢᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠤᠥᠯᠴᠢ ᠰᠡᠳᠬᠢᠯ ᠢ ᠪᠠᠷᠢᠮᠲᠠᠯᠠᠭᠰᠠᠨ᠂ ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ  ᠵᠣᠷᠢᠭᠤᠳᠠ ᠪᠤᠰᠤ ᠪᠤᠶᠤ ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤ ᠪᠠᠷ ᠡᠳ᠋ᠯᠡᠭᠰᠡᠨ ᠨᠢ ᠣᠨᠣᠪᠴᠢ ᠦᠭᠡᠢ ᠵᠢᠴᠢ ᠠᠪᠤᠷᠠᠨ ᠲᠤᠰᠠᠯᠠᠯᠲᠠ ᠬᠥᠷᠲᠡᠭᠴᠢ ᠨᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠮᠥᠷᠲᠡᠭᠡᠨ  ᠠᠯᠳᠠᠭ᠎ᠠ ᠪᠠᠨ ᠴᠠᠭ ᠲᠤᠬᠠᠢ ᠳᠤᠨᠢ ᠵᠠᠯᠠᠷᠠᠭᠤᠯᠵᠤ  ᠪᠣᠷᠤᠭᠤ ᠲᠠᠷᠬᠠᠭᠠᠭᠰᠠᠨ  ᠮᠦᠩᠭᠦ ᠶᠢ ᠨᠡᠬᠡᠮᠵᠢᠯᠡᠨ ᠠᠪᠴᠢᠷᠠᠭᠰᠠᠨ ᠳᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠲᠠᠨ ᠭᠦᠢᠴᠡᠳᠭᠡᠭᠴᠢ ᠶᠢ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠵᠦ ᠪᠣᠯᠣᠨ᠎ᠠ᠃      ᠨᠠᠢᠮᠠ᠂ ᠲᠤᠰ ᠠᠷᠭ᠎ᠠ ᠬᠡᠮᠵᠢᠶ᠎ᠡ ᠨᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠦᠴᠦᠨ ᠲᠠᠢ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号