︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠳᠠ ᠤᠢ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 40 ᠲᠦᠮᠡᠨ ᠮᠦ ᠪᠡᠶᠡᠯᠡᠭᠦᠯᠬᠦ ᠪᠠᠷ ᠪᠤᠢ᠂ ᠡᠭᠦᠨ ᠳᠤ | ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ | ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠵᠢᠴᠢ ᠤᠢ | ᠰᠢᠭᠤᠢ ᠶᠢ ᠠᠷᠠᠴᠢᠯᠠᠨ ᠪᠣᠶᠢᠵᠢᠭᠤᠯᠬᠤ᠂ ᠣᠶᠢᠵᠢᠭᠤᠯᠤᠯᠲᠠ ᠶᠢᠨ ᠨᠥᠬᠦᠪᠦᠷᠢ᠂ ᠭᠤᠣᠯᠳᠠᠯᠭ᠎ᠠ ᠲᠠᠢ ᠣᠷᠣᠨ | ᠪᠦᠰᠡ ᠶᠢ ᠨᠣᠭᠤᠭᠠᠷᠠᠭᠤᠯᠬᠤ᠂ ᠮᠠᠭᠤᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠪᠠᠭᠲᠠᠨ᠎ᠠ᠃ | ᠣᠶᠢᠯᠠᠭᠠᠭᠰᠠᠨ ᠢᠶᠠᠷ᠂ ᠡᠨᠡᠬᠦ 40 ᠲᠦᠮᠡᠨ ᠮᠦ ᠶᠢᠨ ᠣᠶ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠵᠠᠳᠠᠯᠪᠠᠯ᠄ ᠴᠢᠩ ᠱᠦᠢ ᠾᠧ ᠰᠢᠶᠠᠨ ᠳᠤ ᠬᠠᠲᠤᠨ | ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ | 5 ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠪᠣᠯᠭᠠᠨ ᠬᠤᠪᠢᠶᠠᠨ᠎ᠠ᠄ ︽ᠬᠠᠲᠤᠨ ᠭᠤᠣᠯ ᠳᠠᠭᠠᠤ ᠶᠢᠨ | ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ︾ ︽ᠣᠶ ᠰᠢᠭᠤᠢ ᠨᠤᠲᠤᠭ | ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠢᠨᠵᠧᠨᠧᠷᠢᠩ︾ ︽ ᠤᠯᠠᠭᠠᠨᠮᠥ᠋ᠷᠡᠨ ᠤ ᠨᠤᠭᠤ | ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ︾ ︽ᠣᠶ ᠰᠢᠭᠤᠢ ᠶᠢᠨ ᠶᠠᠰᠤ ᠴᠢᠨᠠᠷ ᠢ | ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ ᠢᠨᠵᠧᠨᠧᠷᠢᠩ︾ ᠪᠠ ︽ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠶᠢᠨ ᠢᠨᠵᠧᠨᠧᠷᠢᠩ︾︔ ᠦᠴᠦᠸᠠᠨ ᠰᠢᠶᠠᠨ ᠳᠤ ᠣᠶᠢᠵᠢᠭᠤᠯᠤᠯᠲᠠ ᠶᠢᠨ ᠨᠥᠬᠦᠪᠦᠷᠢ᠂ | ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠲᠠᠷᠢᠮᠠᠯ ᠡᠪᠡᠰᠦ ᠪᠡᠯᠴᠢᠭᠡᠷ ᠤᠨ ᠭᠠᠵᠠᠷ ᠵᠡᠷᠭᠡ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠡᠷᠡᠭᠵᠢᠭᠦᠯᠦᠨ᠎ᠡ︔ ᠬᠤᠷᠢᠨᠭᠡᠷ ᠰᠢᠶᠠᠨ ᠳᠤ ᠣᠶᠢᠵᠢᠭᠤᠯᠤᠯᠲᠠ ᠶᠢᠨ | ᠨᠥᠬᠦᠪᠦᠷᠢ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ᠂ ᠤᠢ ᠰᠢᠭᠤᠢ ᠶᠢ | ᠠᠷᠠᠴᠢᠯᠠᠨ ᠪᠣᠶᠢᠵᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠲᠣᠭᠲᠠᠬᠤ | ᠰᠢᠶᠠᠨ ᠳᠤ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ ᠤᠢ ᠰᠢᠭᠤᠢ ᠶᠢ ᠥᠭᠡᠷᠡᠴᠢᠯᠡᠬᠦ᠂ ᠣᠶ ᠰᠢᠭᠤᠢ ᠶᠢᠨ ᠶᠠᠰᠤ | ᠴᠢᠨᠠᠷ ᠢ ᠨᠠᠷᠢᠯᠢᠭ ᠣᠨᠣᠪᠴᠢᠲᠠᠢ ᠪᠠᠷ ᠳᠡᠭᠡᠭᠰᠢᠯᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠦᠨ᠎ᠡ︔ ᠰᠢᠨ᠎ᠡ ᠬᠤᠲᠠ ᠲᠣᠭᠤᠷᠢᠭ ᠲᠤ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠵᠢᠴᠢ 9 ᠬᠤᠰᠢᠭᠤ ᠰᠢᠶᠠᠨ ᠲᠣᠭᠤᠷᠢᠭ ᠲᠤ | ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠬᠠᠮᠲᠤᠪᠠᠷ ᠬᠡᠷᠡᠭᠵᠢᠭᠦᠯᠦᠨ᠎ᠡ᠃ |