︵ᠰᠤᠷᠪᠤᠯᠵᠢᠯᠠᠭᠴᠢ ᠯᠢᠦᠢ ᠬᠤᠶ ᠱᠧᠩ ᠸᠠᠩ ᠵᠥᠩ ᠵᠧᠦ︶ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠡᠩ ᠣᠯᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠤᠶᠤᠲᠠᠳ ᠤᠨ ᠬᠥᠬᠡᠬᠤᠲᠠ ᠳᠤ ᠦᠯᠡᠳᠡᠨ ᠠᠵᠢᠯ ᠣᠯᠵᠤ ᠦᠢᠯᠡᠰ ᠪᠣᠰᠬᠠᠬᠤ ᠶᠢ | ᠲᠦᠯᠬᠢᠨ ᠠᠬᠢᠭᠤᠯᠬᠤ ᠶᠢᠨ ᠲᠥᠯᠥᠭᠡ᠂ ᠮᠠᠨ ᠤ ᠬᠤᠲᠠ ᠲᠤᠰ ᠭᠠᠵᠠᠷ ᠣᠷᠣᠨ ᠤ ᠪᠠᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠤᠶᠤᠲᠠᠳ ᠴᠢᠳᠠᠪᠤᠷᠢᠲᠠᠨ ᠲᠥᠪᠯᠡᠷᠡᠭᠰᠡᠨ ᠳᠠᠪᠠᠭᠤᠯᠢᠭ ᠲᠠᠭᠠᠨ ᠲᠦᠰᠢᠭᠯᠡᠨ᠂ ᠣᠷᠣᠨ ᠤ | ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠡᠯ᠎ᠡ ᠠᠵᠢᠯ ᠲᠥᠷᠥᠯ ᠤᠨ | ᠬᠥᠮᠥᠨ ᠬᠡᠷᠡᠭᠯᠡᠬᠦ ᠬᠡᠷᠡᠭᠴᠡᠭᠡ ᠲᠠᠢ ᠤᠶᠠᠯᠳᠤᠭᠤᠯᠵᠤ᠂ ᠬᠥᠮᠥᠨ ᠬᠡᠷᠡᠭᠯᠡᠬᠦ ᠨᠢᠭᠡᠴᠡ ᠪᠣᠯᠣᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯᠲᠠᠨ ᠡᠯᠰᠡᠬᠦ ᠪᠠ ᠠᠵᠢᠯ ᠡᠷᠢᠬᠦ ᠶᠢ ᠵᠣᠯᠭᠠᠭᠤᠯᠬᠤ ᠲᠠᠪᠴᠠᠩ ᠪᠠᠶᠢᠭᠤᠯᠵᠤ᠂ | 4 ᠳ᠋ᠦ᠋ᠭᠡᠷ ᠰᠠᠷ᠎ᠠ ᠶᠢᠨ 16 ᠤ ᠡᠳᠦᠷ ᠠᠴᠠ ᠡᠬᠢᠯᠡᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ︾ ᠤᠨ ᠰᠢᠷᠢᠰ ᠠᠵᠢᠯᠲᠠᠨ ᠡᠯᠰᠡᠬᠦ ᠴᠤᠭᠯᠠᠭᠠᠨ ᠤ ᠰᠦᠯᠵᠢᠶᠡᠨ ᠳᠡᠭᠡᠷ᠎ᠡ ᠠᠵᠢᠯᠲᠠᠨ ᠡᠯᠰᠡᠵᠦ | ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ ᠡᠯ᠎ᠡ ᠠᠵᠢᠯᠲᠠᠨ ᠬᠡᠷᠡᠭᠯᠡᠬᠦ ᠨᠢᠭᠡᠴᠡ ᠪᠣᠯᠣᠨ ᠥᠷᠭᠡᠨ ᠣᠯᠠᠨ ᠠᠵᠢᠯ | ᠡᠷᠢᠭᠰᠡᠳ ᠢ ᠤᠷᠢᠵᠤ ᠰᠦᠯᠵᠢᠶᠡᠨ ᠳᠡᠭᠡᠷ᠎ᠡ ᠣᠷᠣᠯᠴᠠᠭᠤᠯᠬᠤ ᠪᠠᠷ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢ ᠬᠤᠲᠠ ᠶᠢᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠳᠠᠭᠠᠭᠠᠨ ᠡᠷᠬᠢᠯᠡᠵᠦ᠂ ᠨᠡᠶᠢᠲᠡ ᠶᠢᠨ ᠠᠰᠠᠷᠠᠮᠵᠢ ᠶᠢᠨ | ᠲᠥᠯᠥᠪᠦᠷᠢ ᠦᠭᠡᠢ ᠬᠡᠯᠪᠡᠷᠢ ᠪᠠᠷ ᠶᠠᠪᠤᠭᠳᠠᠨ᠎ᠠ᠃ ᠠᠵᠢᠯᠲᠠᠨ ᠡᠯᠰᠡᠬᠦ ᠠᠵᠢᠯᠯᠠᠭ᠎ᠠ ᠨᠢ ︽ᠭᠤᠣᠯᠲᠤ ᠪᠣᠷᠣ | ᠦᠨᠳᠦᠰᠦ ᠬᠠᠳᠬᠤᠵᠤ ᠬᠥᠬᠡᠬᠤᠲᠠ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ︾ ᠭᠡᠬᠦ ᠭᠤᠣᠯ ᠰᠡᠳᠦᠪ ᠲᠠᠢ᠂ | 4 ᠳ᠋ᠦ᠋ᠭᠡᠷ ᠰᠠᠷ᠎ᠠ ᠶᠢᠨ 16 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠂ | ᠦᠢᠯᠡᠴᠢᠯᠡᠬᠦ ᠡᠲᠡᠭᠡᠳ ᠨᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠵᠢᠴᠢ ᠡᠯ᠎ᠡ ᠲᠥᠷᠥᠯ ᠤᠨ | ᠠᠵᠢᠯ ᠡᠷᠢᠬᠦ ᠬᠦᠰᠡᠯ ᠲᠠᠢ ᠬᠥᠮᠥᠰ᠂ ᠠᠵᠢᠯᠲᠠᠨ ᠡᠯᠰᠡᠬᠦ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ | ᠨᠢᠭᠡᠴᠡ᠃ ᠲᠤᠬᠠᠢ ᠶᠢᠨ ᠦᠶ᠎ᠡ ᠳᠤ ᠤᠮᠠᠷᠠᠲᠤ ᠬᠢᠯᠢ ᠶᠢᠨ ᠠᠵᠢᠯ ᠣᠯᠭᠤᠯᠲᠠ ᠶᠢᠨ ᠰᠦᠯᠵᠢᠶ᠎ᠡ ︵ᠰᠦᠯᠵᠢᠶᠡᠨ ᠤ | ᠬᠠᠶ᠋ᠢᠭ᠄ https://www.nmbys.cn︶᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠰᠦᠯᠵᠢᠶ᠎ᠡ ︵ᠰᠦᠯᠵᠢᠶᠡᠨ ᠤ ᠬᠠᠶ᠋ᠢᠭ᠄ http://www.hhtsrlzysc.org.cn︶᠂ | ᡁᠢ ᠯᠢ ᠿᠧᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ︵ᠰᠦᠯᠵᠢᠶᠡᠨ ᠤ ᠬᠠᠶ᠋ᠢᠭ᠄ https: | //jobzhilirencom︶ ᠵᠡᠷᠭᠡ ᠰᠦᠯᠵᠢᠶᠡᠨ ᠳᠡᠭᠡᠷ᠎ᠡ ᠶᠠᠪᠤᠭᠳᠠᠨ᠎ᠠ᠃ |