ᠪᠦᠬᠦ ᠣᠷᠣᠨ ᠤ ᠮᠠᠯ ᠡᠮᠨᠡᠯᠭᠡ ᠶᠢᠨ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/2
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠪᠦᠬᠦ ᠣᠷᠣᠨ ᠤ ᠮᠠᠯ ᠡᠮᠨᠡᠯᠭᠡ ᠶᠢᠨ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2021 ᠣᠨ ᠤ ᠮᠠᠯ ᠡᠮᠨᠡᠯᠭᠡ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ ᠲᠤᠯᠭᠠᠷᠠᠵᠤ ᠪᠠᠶᠢᠭ᠎ᠠ ᠪᠠᠶᠢᠳᠠᠯ ᠠᠰᠠᠭᠤᠳᠠᠯ ᠢ ᠰᠤᠳᠤᠯᠤᠨ ᠵᠠᠳᠠᠯᠵᠤ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ 4 ᠠᠶᠢᠮᠠᠭ ᠬᠤᠲᠠ ᠶᠢᠨ ᠬᠢᠨ ᠲᠤᠰ ᠲᠤᠰ ᠰᠠᠨᠠᠯ ᠢᠶᠠᠨ ᠰᠣᠯᠢᠯᠴᠠᠨ ᠦᠭᠡ ᠬᠡᠯᠡᠪᠡ᠃ ᠬᠤᠷᠠᠯ ᠠᠴᠠ ᠂ 2022 ᠣᠨ ᠤ ᠮᠠᠯ ᠡᠮᠨᠡᠯᠭᠡ ᠶᠢᠨ ᠡᠯ᠎ᠡ ᠵᠦᠢᠯ ᠤᠨ ᠠᠵᠢᠯ ᠳᠤ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠠᠮᠢᠲᠠᠨ ᠤ ᠬᠦᠨᠳᠦ ᠶᠡᠭᠡ ᠬᠡᠮ ᠬᠢᠵᠢᠭ ᠢ ᠰᠡᠷᠭᠡᠶᠢᠯᠡᠨ ᠡᠵᠡᠮᠳᠡᠬᠦ᠂ ᠬᠥᠮᠦᠨ ᠮᠠᠯ ᠳᠤ ᠪᠦᠷ ᠲᠣᠰᠳᠠᠭ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠮᠠᠯ ᠤᠨ ᠡᠮ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠮᠠᠯ ᠡᠮᠨᠡᠯᠭᠡ ᠶᠢᠨ ᠠᠵᠢᠯ ᠤᠨ ᠰᠢᠰᠲ᠋ᠧᠮ ᠤᠨ ᠪᠠᠢᠭᠤᠯᠤᠯᠲᠠ᠂ ᠪᠡᠯᠡ ᠮᠥᠩᠭᠦᠨ ᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ᠂ ᠮᠠᠯ ᠡᠮᠨᠡᠯᠭᠡ ᠶᠢᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠶᠢ ᠬᠦᠴᠦᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ᠂ ᠮᠠᠯ ᠡᠮᠨᠡᠯᠭᠡ ᠶᠢᠨ ᠠᠵᠢᠯ ᠨᠢ ᠢᠳᠡᠭᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠤᠨ ᠬᠢᠨ ᠱᠠᠯᠠᠪᠳᠠᠨ ᠲᠣᠬᠢᠷᠠᠭᠤᠯᠤᠨ ᠪᠠᠢᠷᠢᠯᠠᠭᠤᠯᠵᠤ᠂ ᠡᠯ᠎ᠡ ᠵᠦᠢᠯ ᠤᠨ ᠡᠭᠦᠷᠭᠡ ᠪᠠ ᠭᠦᠢᠴᠡᠳᠭᠡᠬᠦ ᠲᠤᠭ᠎ᠠ ᠪᠠᠨ ᠰᠠᠶᠢᠲᠤᠷ ᠪᠡᠶᠡᠯᠡᠭᠦᠯᠤᠨ᠂ ᠮᠠᠯ ᠡᠮᠨᠡᠯᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号