ᠬᠥᠬᠡᠬᠤᠲᠠ ᠳᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠤᠰᠬᠤᠨ ᠤ ᠵᠠᠰᠠᠮᠠᠯ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠲᠣᠭᠤᠷᠢᠭ 6 ᠪᠣᠯᠵᠤ ᠨᠡᠮᠡᠭᠳᠡᠪᠡ
ᠨᠡᠶᠢᠲᠡᠯᠡᠭᠰᠡᠨ ᠴᠠᠭ᠄
2022/4/2
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠦᠨᠢᠷ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ᠲᠠᠪᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾ ᠤᠨ 12 ᠵᠢᠱᠢᠶ᠎ᠡ ᠦᠵᠡᠭᠦᠯᠬᠦ ᠰᠢᠶᠠᠨ ᠤ ᠨᠠᠷᠠᠰ ᠢ ᠨᠡᠶᠢᠲᠡᠯᠡᠪᠡ᠃ ᠬᠥᠬᠡᠬᠤᠲᠠ ᠶᠢᠨ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ ᠲᠤᠰ ᠨᠠᠷᠠᠰ ᠲᠤ ᠵᠢᠭᠰᠠᠭᠠᠭᠳᠠᠵᠤ᠂ ᠬᠥᠬᠡᠬᠤᠲᠠ ᠶᠢᠨ ᠣᠷᠣᠨ ᠤ ᠲᠡᠰ ᠤᠨ ︽ᠳᠦᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠲᠣᠭᠤᠷᠢᠭ 6 ᠪᠣᠯᠵᠤ ᠨᠡᠮᠡᠭᠳᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ︽ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾ ᠤᠨ ᠪᠥᠲᠥᠭᠡᠨ ᠪᠠᠢᠭᠤᠯᠤᠯᠲᠠ ᠶᠢ ᠠᠬᠢᠭᠤᠯᠵᠤ᠂ ᠣᠳᠣᠬᠠᠨ ᠪᠣᠯᠲᠠᠯ᠎ᠠ 99 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠲᠡᠪᠢᠰᠴᠦ ᠳᠠᠭᠤᠰᠬᠠᠨ᠂ ᠶᠡᠷᠦᠩᠬᠡᠶ ᠣᠷᠳᠣ ᠨᠢ 481 ᠺᠢᠯᠣᠮᠧᠲᠷ ᠲᠤ ᠬᠦᠷᠴᠦ᠂ 3 ᠰᠢᠶᠠᠩ ᠪᠠᠯᠭᠠᠰᠤ᠂ 8 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ 101 ᠵᠠᠰᠠᠭ ᠵᠠᠬᠢᠷᠭᠠᠨ ᠤ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠰᠠᠮᠠᠯ ᠵᠠᠮ ᠨᠡᠪᠲᠡᠷᠡᠬᠦᠯᠪᠡ᠃ ᠲᠦᠮᠡᠳ ᠵᠡᠭᠦᠨ ᠬᠤᠰᠢᠭᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾  ᠤᠨ ᠪᠥᠲᠥᠭᠡᠨ ᠪᠠᠢᠭᠤᠯᠤᠯᠲᠠ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠶ ᠶᠢ ᠬᠠᠮᠠᠭᠠᠯᠠᠬᠤ ᠲᠠᠢ ᠤᠶᠠᠯᠳᠤᠭᠤᠯᠵᠤ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠭᠰᠡᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠤᠷᠵᠢᠯ ᠢ ᠬᠦᠴᠦᠯᠡᠨ ᠪᠠᠶᠢᠭᠤᠯᠪᠠ᠃ ᠤᠳᠤ ᠲᠦᠮᠡᠳ ᠵᠠᠭᠦᠨ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨᠶᠡᠷᠦᠩᠬᠡᠶ ᠣᠷᠳᠣ 1192.1 ᠺᠢᠯᠣᠮᠧᠲᠷ ᠲᠤ ᠬᠦᠷᠴᠦ᠂ ᠡᠭᠦᠨ ᠳᠤ 323.1 ᠺᠢᠯᠣᠮᠧᠲᠷ ᠰᠢᠶᠠᠨ  ᠤ ᠵᠠᠰᠠᠮᠠᠯ ᠵᠠᠮ᠂ 459 ᠺᠢᠯᠣᠮᠧᠲᠷ ᠰᠢᠶᠠᠩ ᠪᠠᠯᠭᠠᠰᠤ ᠶᠢᠨ ᠵᠠᠰᠠᠮᠠᠯ ᠵᠠᠮ᠂ 410 ᠺᠢᠯᠣᠮᠧᠲᠷ ᠲᠣᠰᠬᠤᠨ ᠤ ᠵᠠᠰᠠᠮᠠᠯ ᠵᠠᠮ ᠲᠠᠢ ᠪᠤᠯᠪᠠ᠃ ᠬᠤᠷᠢᠨᠭᠡᠷ ᠰᠢᠶᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠰᠠᠢᠲᠤᠷ ᠠᠳᠬᠤᠵᠤ᠂ ᠪᠦᠬᠦ ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠶ ᠤᠷᠲᠤ 823 ᠺᠢᠯᠣᠮᠧᠲᠷ ᠲᠤ ᠬᠦᠷᠴᠤ᠂ ᠲᠤᠰᠬᠤᠨ ᠪᠦᠷᠢ ᠳᠤ ᠬᠠᠲᠠᠭᠤᠷᠠᠭᠤᠯᠤᠭᠰᠠᠨ ᠵᠠᠰᠠᠮᠠᠯ ᠵᠠᠮ  ᠲᠠᠢ ᠪᠣᠯᠵᠤ ᠰᠠᠭᠠᠳ ᠦᠭᠡᠢ ᠨᠡᠪᠲᠡᠷᠡᠬᠦ ᠨᠣᠷᠮ᠎ᠠ 100% ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号