︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠦᠢᠯᠡᠴᠢᠯᠡᠭᠡ ᠠᠷᠠᠳ ᠲᠤ ᠳᠥᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/4/22
     ᠠᠷᠠᠳ ᠣᠯᠠᠨ ᠤ ᠣᠯᠠᠨ ᠶᠠᠩᠵᠤ ᠶᠢᠨ ᠬᠠᠤᠯᠢ ᠴᠠᠭᠠᠵᠠ ᠶᠢᠨ ᠬᠡᠷᠡᠭᠴᠡᠭᠡ  ᠶᠢ ᠨᠡᠩ ᠰᠠᠶᠢᠨ ᠬᠠᠩᠭᠠᠬᠤ ᠶᠢᠨ ᠲᠥᠯᠥᠭᠡ᠂ ᠣᠶᠢᠷ᠎ᠠ ᠶᠢᠨ ᠵᠢᠯ ᠤᠨ ᠲᠤᠷᠰᠢ᠂ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠵᠣᠷᠢᠯᠲᠠ ᠪᠠᠨ ᠪᠠᠷᠢᠮᠲᠠᠯᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠰᠦᠯᠵᠢᠶᠡᠨ ᠳᠡᠭᠡᠷᠡᠬᠢ ᠵᠠᠷᠭᠤ ᠶᠢᠨ ᠦᠢᠯᠡᠴᠢᠯᠡᠭᠡ ᠶᠢ ᠪᠦᠬᠦ ᠬᠦᠴᠦᠨ ᠢᠶᠠᠷ ᠠᠬᠢᠭᠤᠯᠵᠤ᠂ ᠲᠤᠬᠠᠢ ᠶᠢᠨ ᠬᠥᠮᠥᠨ ᠪᠤᠶᠤ ᠣᠷᠣᠯᠠᠭᠴᠢ ᠶᠢᠨ ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ᠂ ᠠᠷᠠᠳ ᠤᠨ ᠰᠢᠭᠦᠬᠦ ᠬᠤᠷᠢᠶᠠᠨ ᠤ ᠬᠠᠤᠯᠢᠴᠢ ᠶᠢᠨ ᠦᠢᠯᠡᠴᠢᠯᠡᠭᠡᠨ ᠤ ᠲᠠᠪᠴᠠᠩ ᠵᠢᠴᠢ 24 ᠴᠠᠭ ᠤᠨ ᠥᠪᠡᠷᠲᠡᠭᠡᠨ ᠭᠦᠢᠴᠡᠳᠬᠡᠬᠦ ᠲᠥᠬᠦᠭᠡᠷᠦᠮᠵᠢ ᠵᠡᠷᠭᠡ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠶᠢ ᠢᠳᠡᠪᠬᠢᠲᠡᠢ ᠬᠥᠲᠥᠯᠥᠨ ᠵᠢᠯᠣᠭᠤᠳᠪᠠ᠃      ᠵᠢᠷᠤᠭ ᠪᠣᠯ ᠠᠵᠢᠯᠲᠠᠨ‌ᠣᠯᠠᠨ ᠲᠦᠮᠡᠨ ᠳᠤ ᠰᠦᠯᠵᠢᠶᠡᠨ ᠳᠡᠭᠡᠷᠡᠬᠢ ᠵᠠᠷᠭᠤ ᠶᠢᠨ ᠦᠢᠯᠡᠴᠢᠯᠡᠭᠡ ᠶᠢ ᠵᠢᠯᠣᠭᠤᠳᠴᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠵᠢᠶᠦ᠋ᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号