︵ᠰᠤᠷᠪᠤᠯᠵᠢᠯᠠᠭᠴᠢ ᠴᠢ ᠰᠢᠶᠣᠣ ᠶᠠᠨ︶ ᠲᠦᠷᠦᠭᠦᠬᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠣᠶᠢᠯᠠᠭᠠᠭᠰᠠᠨ ᠢᠶᠠᠷ᠂ ︽ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠ | ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠢᠷᠤᠮᠵᠢᠯ︾ ᠤᠨ ᠬᠥᠬᠡᠬᠤᠲᠠ ᠶᠢᠨ ᠣᠷᠣᠨ ᠨᠤᠲᠤᠭ ᠤᠨ | ᠪᠠᠷᠢᠮᠵᠢᠶ᠎ᠠ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃ | ᠲᠠᠨᠢᠯᠴᠠᠭᠤᠯᠤᠭᠰᠠᠨ ᠢᠶᠠᠷ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠨᠠᠰᠤᠲᠠᠶᠢᠴᠤᠳ ᠤᠨ ᠬᠤᠭᠤᠯᠠ ᠤᠮᠳᠠ ᠶᠢᠨ ᠦᠢᠯᠡᠴᠢᠯᠡᠭᠡᠨ ᠤ | ᠬᠡᠷᠡᠭᠴᠡᠭᠡ ᠤᠯᠠᠮ ᠢᠶᠠᠷ ᠨᠡᠮᠡᠭᠳᠡᠵᠦ ᠪᠠᠶᠢᠨ᠎ᠠ᠂ ᠭᠡᠪᠡᠴᠦ ᠬᠤᠭᠤᠯᠠ ᠤᠮᠳᠠ ᠶᠢᠨ ᠡᠯ᠎ᠡ ᠪᠠᠶᠢᠭᠤᠯᠤᠮᠵᠢ ᠶᠢᠨ ᠬᠠᠲᠠᠭᠤ | ᠲᠣᠨᠤᠭ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠠᠭᠤᠯᠭ᠎ᠠ᠂ ᠢᠳᠡᠭᠡᠨ ᠤ ᠠᠶᠤᠯᠭᠦᠢ ᠵᠡᠷᠭᠡ ᠲᠠᠯ᠎ᠠ ᠪᠠᠷ | ᠨᠢᠭᠡᠳᠦᠯᠲᠡᠢ ᠪᠠᠷᠢᠮᠵᠢᠶ᠎ᠠ ᠲᠤᠲᠠᠭᠳᠠᠵᠤ ᠪᠠᠶᠢᠨ᠎ᠠ᠃ ᠡᠭᠦᠨ ᠤ ᠲᠤᠯᠠᠳᠠ᠂ ᠮᠠᠨ ᠤ ᠬᠤᠲᠠ ︽ᠭᠡᠷ ᠪᠦᠯᠢ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ | ᠵᠢᠷᠤᠮᠵᠢᠯ︾ ᠤᠨ ᠬᠥᠬᠡᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠨᠠᠰᠤᠵᠢᠯ ᠤᠨ | ᠠᠰᠠᠷᠠᠮᠵᠢ ᠶᠢᠨ ᠬᠤᠭᠤᠯᠠ ᠤᠮᠳᠠ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠱᠠᠭᠠᠷᠳᠠᠯᠭ᠎ᠠ᠂ ᠬᠤᠭᠤᠯᠠ ᠢᠳᠡᠬᠦ | ᠲᠠᠯᠠᠪᠤᠷ ᠤᠨ ᠱᠠᠭᠠᠷᠳᠠᠯᠭ᠎ᠠ᠂ ᠠᠶᠤᠯᠭᠦᠢ ᠬᠢᠭᠡᠳ ᠲᠦᠭᠰᠢᠭᠦᠷᠢ ᠶᠢ ᠡᠵᠡᠮᠳᠡᠬᠦ ᠲᠠᠯ᠎ᠠ ᠶᠢᠨ ᠠᠭᠤᠯᠭ᠎ᠠ ᠶᠢ | ᠵᠢᠷᠤᠮᠵᠢᠭᠤᠯᠵᠤ᠂ ᠡᠭᠦᠨ ᠢᠶᠠᠷ ᠨᠠᠰᠤᠲᠠᠶᠢᠴᠤᠳ ᠤᠨ ᠢᠳᠡᠭᠡᠨ ᠤᠮᠳᠠᠭᠠᠨ ᠤ ᠠᠶᠤᠯᠭᠦᠢ ᠶᠢ ᠪᠠᠲᠤᠯᠠᠵᠤ᠂ | ᠨᠠᠰᠤᠵᠢᠯ ᠤᠨ ᠠᠰᠠᠷᠠᠮᠵᠢ ᠶᠢᠨ ᠬᠤᠭᠤᠯᠠ ᠬᠦᠷᠭᠡᠬᠦ ᠦᠢᠯᠡᠴᠢᠯᠡᠭᠡᠨ ᠤ ᠪᠠᠷᠢᠮᠵᠢᠶ᠎ᠠ ᠪᠠ ᠵᠢᠷᠤᠮᠵᠢᠯ ᠢ ᠲᠦᠯᠬᠢᠨ | ᠠᠬᠢᠭᠤᠯᠪᠠ᠃ |