ᠮᠠᠨ ᠤ ᠬᠤᠲᠠ ᠶᠢᠨ 2022 ᠣᠨ ᠤ ︽ᠪᠣᠯᠪᠠᠰᠤᠨ ᠢᠶᠠᠷ ᠶᠠᠪᠤᠵᠤ ᠰᠠᠭᠤᠬᠤ ᠠᠯᠪᠠᠨ ᠵᠢᠷᠤᠮ ᠤᠨ ᠰᠢᠯᠭᠠᠯᠲᠠ ᠳᠤ ᠬᠦᠷᠭᠡᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/5/17
      ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 16 ᠤ ᠡᠳᠦᠷ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠬᠤᠳᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 2022 ᠣᠨ ᠤ ᠤᠯᠤᠰ ᠤᠨ ᠰᠢᠯᠭᠠᠯᠲᠠ ᠳᠤ ᠲᠤᠰᠠ ᠪᠣᠯᠵᠤ᠂ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠ ᠶᠢᠨ ᠡᠪᠯᠡᠯ ᠤᠨ ᠬᠤᠷᠢᠶ᠎ᠠ ᠬᠠᠮᠲᠤᠷᠠᠨ 2022 ᠣᠨ ᠤ ︽ᠪᠣᠯᠪᠠᠰᠤᠨ ᠢᠶᠠᠷ ᠶᠠᠪᠤᠵᠤ ᠰᠠᠭᠤᠬᠤ ᠠᠯᠪᠠᠨ ᠵᠢᠷᠤᠮ ᠤᠨ ᠰᠢᠯᠭᠠᠯᠲᠠ ᠳᠤ ᠬᠦᠷᠭᠡᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠪᠡ᠃      ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠳᠤ ᠰᠢᠯᠭᠠᠯᠲᠠ ᠳᠤ ᠣᠷᠤᠯᠴᠠᠬᠤ ᠳᠤ ᠵᠠᠮ ᠬᠠᠷᠢᠯᠴᠠᠭ᠎ᠠ ᠳᠥᠭᠦᠮ ᠦᠭᠡᠢ ᠰᠢᠯᠭᠠᠭᠤᠯᠤᠭᠴᠢ ᠳᠤ ︽ᠴᠡᠭ ᠠᠴᠠ ᠴᠡᠭ ᠲᠤ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠭᠡ ᠲᠣᠬᠢᠷᠠᠭᠤᠯᠤᠨ᠂ ᠬᠥᠮᠥᠨ ᠢ ᠲᠣᠭᠲᠠᠭᠠᠵᠤ᠂ ᠲᠡᠷᠭᠡ ᠢ ᠲᠣᠭᠲᠠᠭᠠᠵᠤ᠂ ᠴᠡᠭ ᠲᠣᠭᠲᠠᠭᠠᠨ ᠲᠤᠰᠴᠤ ᠬᠦᠷᠭᠡᠬᠦ ᠦᠢᠯᠡᠴᠢᠯᠡᠭᠡ ᠬᠠᠩᠭᠠᠨ᠎ᠠ᠃ ᠪᠣᠯᠵᠣᠨ ᠲᠣᠭᠲᠠᠭᠰᠠᠨ ᠴᠠᠭ ᠶᠣᠰᠣᠭᠠᠷ ᠰᠢᠯᠭᠠᠭᠤᠯᠤᠭᠴᠢ ᠶᠢ ᠠᠮᠤᠷ ᠲᠦᠪᠰᠢᠨ ᠢᠶᠠᠷ᠂ ᠴᠠᠭ ᠲᠤᠬᠠᠢ ᠳᠤᠨᠢ ᠰᠢᠯᠭᠠᠯᠲᠠ ᠶᠢᠨ ᠭᠠᠵᠠᠷ ᠲᠤ ᠬᠦᠷᠭᠡᠵᠦ᠂ ᠰᠢᠯᠭᠠᠯᠲᠠ ᠳᠠᠭᠤᠰᠤᠭᠰᠠᠨ ᠤ ᠳᠠᠷᠠᠭ᠎ᠠ ᠰᠢᠯᠭᠠᠭᠤᠯᠤᠭᠴᠢ ᠶᠢ ᠠᠮᠤᠷ ᠲᠦᠪᠰᠢᠨ ᠢᠶᠠᠷ ᠭᠡᠷ ᠲᠤᠨᠢ ᠬᠦᠷᠭᠡᠵᠦ ᠥᠭᠭᠦᠨ᠎ᠡ᠃ ᠰᠢᠯᠭᠠᠯᠲᠠ ᠳᠤ ᠣᠷᠤᠯᠴᠠᠬᠤ ᠳᠤ ᠳᠥᠭᠦᠮ ᠦᠭᠡᠢ ᠰᠢᠯᠭᠠᠭᠤᠯᠤᠭᠴᠢ ᠪᠦᠬᠦᠨ ᠴᠥᠮ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠴᠠᠭ ᠨᠢ ᠲᠤᠰ ᠡᠳᠦᠷ ᠠᠴᠠ ᠡᠬᠢᠯᠡᠨ 5 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠃ ᠬᠡᠷᠪᠡ ᠪᠤᠰᠤᠳ ᠤᠴᠢᠷ ᠪᠠᠶᠢᠪᠠᠯ ᠯᠠᠪᠯᠠᠬᠤ ᠤᠲᠠᠰᠤ ᠶᠢ ᠵᠠᠯᠭᠠᠵᠤ ᠪᠣᠯᠣᠨ᠎ᠠ᠄ 0471-4607232᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号