| | | ᠣᠶᠢᠷ᠎ᠠ ᠳᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ | ᠦᠢᠯᠡᠴᠢᠯᠡᠭᠡᠨ ᠤ ᠶᠡᠭᠡ ᠠᠩᠭᠢ ᠶᠢᠨ ᠲᠠᠪᠤᠳᠤᠭᠠᠷ ᠳᠤᠮᠳᠠ ᠠᠩᠭᠢ ᠨᠡᠶᠢᠲᠡ ᠶᠢᠨ ᠵᠠᠮ ᠬᠠᠷᠢᠯᠴᠠᠭᠠᠨ ᠤ ᠬᠤᠶᠠᠳᠤᠭᠠᠷ | ᠺᠣᠮᠫᠠᠨᠢ᠂ ᠵᠡᠭᠦᠨ ᠤᠰᠤᠲᠤ ᠲᠣᠰᠬᠤᠨ ᠤ ᠡᠭᠦᠳᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ | ᠵᠡᠷᠭᠡ ᠭᠠᠵᠠᠷ ᠲᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠠᠮ ᠬᠠᠷᠢᠯᠴᠠᠭᠠᠨ ᠤ ᠠᠶᠤᠯᠭᠦᠢ ᠶᠢᠨ | ᠤᠬᠠᠭᠤᠯᠭ᠎ᠠ ᠶᠢᠨ ᠠᠵᠢᠯ ᠥᠷᠨᠢᠭᠦᠯᠵᠦ᠂ ᠤᠬᠠᠭᠤᠯᠭ᠎ᠠ ᠶᠢᠨ ᠵᠠᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠥᠬᠦ ᠬᠤᠲᠠ ᠶᠢᠨ ᠠᠷᠠᠳ ᠢ ᠵᠠᠮ ᠬᠠᠷᠢᠯᠴᠠᠭᠠᠨ ᠤ ᠠᠶᠤᠯᠭᠦᠢ ᠶᠢᠨ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠪᠣᠯᠪᠠᠰᠤᠨ ᠬᠤᠲᠠ ᠶᠢᠨ ᠠᠷᠠᠳ ᠪᠣᠯᠬᠤ ᠪᠠᠷ ᠴᠢᠷᠮᠠᠶᠢᠵᠤ᠂ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠶᠢ ᠤᠷᠢᠶᠠᠯᠠᠪᠠ᠃ ᠰᠤᠷᠪᠤᠯᠵᠢᠯᠠᠭᠴᠢ ᠯᠢᠦ | ᠴᠢᠩ ᠢᠦᠢ ᠰᠡᠭᠦᠳᠡᠷᠯᠡᠪᠡ |