ᠶᠡᠭᠡ ᠲᠦᠷᠭᠡᠨ ᠭᠤᠣᠯ ᠤᠨ ᠰᠢᠨ᠎ᠡ ᠳᠥᠷᠬᠦ
ᠨᠡᠶᠢᠲᠡᠯᠡᠭᠰᠡᠨ ᠴᠠᠭ᠄
2022/5/5
      ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ︽ᠠᠮᠢ ᠠᠬᠤᠢ ᠪᠠᠷ ᠬᠤᠲᠠ ᠪᠠᠨ ᠪᠠᠶᠢᠭᠤᠯᠵᠤ᠂ ᠠᠮᠢ ᠠᠬᠤᠢ ᠪᠠᠷ ᠬᠤᠲᠠ ᠪᠠᠨ ᠬᠦᠴᠦᠷᠬᠡᠭᠵᠢᠭᠦᠯᠬᠦ︾ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠶᠡᠭᠡ ᠲᠦᠷᠭᠡᠨ ᠭᠤᠣᠯ ᠤᠨ ᠬᠤᠲᠠ ᠶᠢᠨ ᠲᠣᠭᠤᠷᠢᠭ ᠤᠨ ᠬᠡᠰᠡᠭ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤᠮᠳᠠ᠂ ᠭᠤᠣᠯ ᠤᠨ ᠵᠠᠮ ᠢ ᠴᠡᠭᠴᠡᠯᠡᠨ ᠵᠠᠰᠠᠬᠤ᠂ ᠬᠠᠰᠢᠯᠭ᠎ᠠ ᠳᠠᠯᠠᠩ ᠢ ᠪᠠᠬᠢᠯᠡᠬᠦ᠂ ᠦᠵᠡᠮᠵᠢ ᠶᠢ ᠨᠣᠭᠤᠭᠠᠷᠠᠭᠤᠯᠬᠤ ᠭᠤᠷᠪᠠ ᠶᠢ ᠨᠢᠭᠡ ᠴᠣᠭᠴᠠᠵᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠤᠣᠯ ᠤᠨ ᠵᠠᠮ ᠤᠨ ᠦᠶᠡᠷ ᠢ ᠰᠡᠷᠭᠡᠶᠢᠯᠡᠬᠦ ᠴᠢᠳᠠᠪᠤᠷᠢ ᠶᠢ ᠪᠠᠲᠤᠯᠠᠬᠤ ᠶᠢᠨ ᠬᠠᠮᠲᠤ᠂ ᠳᠠᠬᠢᠯᠲᠠ ᠤᠰᠤ ᠶᠢ ᠠᠰᠢᠭᠯᠠᠨ ᠤᠰᠤᠨ ᠤ ᠦᠵᠡᠮᠵᠢ ᠶᠢ ᠪᠦᠷᠢᠯᠳᠦᠭᠦᠯᠵᠦ᠂ ᠭᠤᠣᠯ ᠤᠨ ᠳᠤᠮᠳᠠᠬᠢ ᠠᠷᠠᠯ᠂ ᠮᠣᠳᠣᠨ ᠬᠥᠭᠦᠷᠭᠡ᠂ ᠭᠤᠣᠯ ᠤᠨ ᠬᠥᠪᠡᠭᠡᠨ ᠤ ᠶᠠᠪᠠᠭᠠᠨ ᠵᠠᠮ ᠪᠠ ᠰᠡᠯᠡᠭᠦᠴᠡᠯ ᠤᠨ ᠲᠠᠯᠠᠪᠤᠷ ᠢ ᠪᠠᠶᠢᠭᠤᠯᠵᠤ᠂ 13.24 ᠺᠢᠯᠣᠮᠧᠲᠷ ᠤᠷᠳᠤ ᠬᠤᠳᠠ ᠶᠢᠨ ᠦᠵᠡᠰᠬᠦᠯᠡᠩᠲᠦ ᠰᠠᠶᠢᠬᠠᠨ ᠪᠣᠬᠢᠷᠳᠤᠯ ᠦᠭᠡᠢ ᠠᠮᠢ ᠠᠬᠤᠢ ᠶᠢᠨ ᠬᠡᠯᠬᠢᠶ᠎ᠡ ᠶᠢ ᠪᠦᠷᠢᠯᠳᠦᠭᠦᠯᠵᠦ᠂ ᠬᠤᠳᠠ ᠶᠢᠨ ᠠᠷᠠᠳ ᠤᠨ ᠠᠮᠠᠷᠠᠵᠤ ᠵᠤᠭᠠᠴᠠᠬᠤ ᠰᠠᠶᠢᠨ ᠭᠠᠵᠠᠷ ᠪᠣᠯᠭᠠᠵᠠᠢ᠃ ᠰᠤᠷᠪᠤᠯᠵᠢᠯᠠᠭᠴᠢ ᠸᠠᠩ ᠵᠦᠩ ᠵᠸᠦ  ᠯᠢᠦ ᠴᠢᠩ ᠢᠦᠢ  ᠴᠢᠮᠡᠭᠡᠯᠡᠭᠴᠢ ᠯᠧ ᠶᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号