ᠰᠢᠯᠢ ᠶᠢᠨ ᠴᠡᠴᠡᠷᠯᠢᠭ ᠤᠨ ᠵᠢᠷᠤᠭ ᠰᠢᠭ᠋ ᠭᠤᠶᠣ ᠦᠵᠡᠮᠵᠢ
ᠨᠡᠶᠢᠲᠡᠯᠡᠭᠰᠡᠨ ᠴᠠᠭ᠄
2022/5/6
     ᠰᠢᠯᠢ ᠶᠢᠨ ᠴᠡᠴᠡᠷᠯᠢᠭ ᠤᠨ ᠤᠭ ᠭᠠᠵᠠᠷ ᠨᠢ ᠬᠥᠬᠡᠬᠤᠲᠠ ᠶᠢᠨ ᠴᠡᠴᠡᠷᠯᠢᠭ ᠤᠨ ᠬᠤᠶᠠᠳᠤᠭᠠᠷ ᠵᠤᠯᠵᠠᠭ᠎ᠠ ᠮᠣᠳᠣᠨ ᠤ ᠬᠦᠷᠢᠶᠡᠯᠡᠩ ᠪᠠᠶᠢᠵᠤ᠂ 2010 ᠣᠨ ᠤ 8 ᠳ᠋ᠤᠭᠠᠷ ᠰᠠᠷ᠎ᠠ ᠠᠴᠠ ᠡᠬᠢᠯᠡᠨ ᠵᠤᠯᠵᠠᠭ᠎ᠠ ᠮᠣᠳᠣᠨ ᠤ ᠬᠦᠷᠢᠶᠡᠯᠡᠩ ᠤᠨ ᠭᠠᠵᠠᠷ ᠳᠡᠭᠡᠷ᠎ᠡ ᠰᠢᠯᠢ ᠶᠢᠨ ᠴᠡᠴᠡᠷᠯᠢᠭ ᠢ ᠪᠠᠶᠢᠭᠤᠯᠵᠤ᠂ 2012 ᠣᠨ ᠤ 4 ᠳ᠋ᠦ᠋ᠭᠡᠷ ᠰᠠᠷ᠎ᠠ ᠪᠣᠯᠬᠤ ᠳᠤ ᠨᠢᠭᠡᠨᠲᠡ ᠠᠩᠬ᠎ᠠ ᠠᠯᠬᠤᠮ ᠪᠠᠶᠢᠭᠤᠯᠤᠨ ᠳᠠᠭᠤᠰᠬᠠᠵᠤ ᠭᠠᠳᠠᠭᠰᠢ ᠨᠡᠭᠡᠭᠡᠯᠲᠡ ᠬᠢᠪᠡ᠃ ᠴᠡᠴᠡᠷᠯᠢᠭ ᠲᠤ ︽ᠭᠤᠷᠪᠠᠨ ᠤᠯᠠᠷᠢᠯ ᠳᠤ ᠴᠡᠴᠡᠭ ᠲᠠᠢ᠂ ᠳᠥᠷᠪᠡᠨ ᠤᠯᠠᠷᠢᠯ ᠳᠤ ᠦᠵᠡᠮᠵᠢ ᠲᠠᠢ︾᠂ ᠣᠯᠠᠨ ᠵᠢᠯ ᠤᠨ ᠪᠣᠶᠢᠵᠢᠭᠤᠯᠤᠯᠲᠠ ᠪᠠᠷ ᠳᠡᠮᠵᠢᠨ᠂ ᠮᠥᠩᠬᠡ ᠨᠣᠭᠤᠭᠠᠨ ᠮᠣᠳᠣ᠂ ᠥᠷᠭᠡᠨ ᠨᠠᠪᠴᠢᠲᠤ ᠮᠣᠳᠣ᠂ ᠴᠡᠴᠡᠭ ᠤᠨ ᠪᠣᠳᠠ ᠮᠣᠳᠣ ᠵᠢᠴᠢ ᠭᠠᠵᠠᠷ ᠤᠨ ᠬᠤᠴᠢᠯᠭ᠎ᠠ᠂ ᠵᠦᠯᠭᠡ ᠵᠡᠷᠭᠡ ᠣᠯᠠᠨ ᠲᠠᠰ ᠳᠠᠪᠬᠤᠷᠭ᠎ᠠ ᠶᠢᠨ ᠤᠷᠭᠤᠮᠠᠯ ᠤᠨ ᠲᠥᠷᠥᠯ ᠵᠦᠢᠯ ᠵᠠᠯᠭᠠᠭ᠎ᠠ ᠪᠠᠷ ︽ᠨᠤᠲᠤᠭᠰᠢᠭᠰᠠᠨ︾ ᠪᠠᠶᠢᠨ᠎ᠠ᠃ ᠣᠳᠣ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠨᠡᠶᠢᠲᠡ 80 ᠭᠠᠷᠤᠢ ᠵᠦᠢᠯ ᠤᠨ 30 ᠲᠦᠮᠡᠨ ᠰᠠᠭᠤᠷᠢ ︵ᠪᠣᠳᠠ︶ ︵ᠨᠣᠭᠤᠭᠠᠨ ᠰᠢᠪᠡᠭᠡ ᠪᠠᠭᠲᠠᠬᠤ ᠦᠭᠡᠢ︶ ᠪᠠᠶᠢᠨ᠎ᠠ᠃      ᠶᠠᠭ ᠰᠠᠶᠢᠬᠠᠨ ᠵᠣᠨ ᠤ ᠡᠬᠢᠨ ᠪᠣᠯᠵᠤ᠂ ᠰᠢᠯᠢ ᠶᠢᠨ ᠴᠡᠴᠡᠷᠯᠢᠭ ᠲᠤ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ᠂ ᠵᠢᠭᠠᠷᠲᠤ ᠨᠠᠷᠠᠰᠤ ᠰᠡᠬᠦᠶᠢᠨ ᠰᠦᠨᠳᠡᠷᠯᠡᠵᠦ᠂ ᠵᠣᠬᠢᠶᠠᠮᠠᠯ ᠨᠠᠭᠤᠷ ᠳᠣᠯᠭᠢᠶᠠᠯᠠᠵᠤ᠂ ᠵᠢᠷᠤᠭ ᠰᠢᠭ᠋ ᠭᠤᠶᠣ ᠦᠵᠡᠮᠵᠢ ᠶᠢ ᠪᠦᠷᠢᠯᠳᠦᠭᠦᠯᠵᠡᠢ᠃ ᠰᠤᠷᠪᠤᠯᠵᠢᠯᠠᠭᠴᠢ ᠰᠦᠩ ᠰᠢᠶᠠᠩ ᠬᠤᠸᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号