ᠬᠥᠬᠡᠬᠤᠲᠠ ᠶᠢᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/5/6
         ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 11 ᠳ᠋ᠦ᠋ᠭᠡᠷ ᠲᠣᠭᠠᠲᠤ                  2022 ᠣᠨ ᠤ 3 ᠳ᠋ᠤᠭᠠᠷ ᠰᠠᠷ᠎ᠠ ᠶᠢᠨ 15 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ︽ᠬᠥᠬᠡᠬᠤᠲᠠ ᠶᠢᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                2022 ᠣᠨ ᠤ 3 ᠳ᠋ᠤᠭᠠᠷ ᠰᠠᠷ᠎ᠠ ᠶᠢᠨ 15 ᠤ ᠡᠳᠦᠷ        ᠬᠥᠬᠡᠬᠤᠲᠠ ᠶᠢᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠳᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ      ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ  ᠮᠠᠨᠳᠤᠭᠤᠯᠬᠤ︾ ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ ᠵᠢᠯᠣᠭᠤᠳᠤᠨ ᠳᠠᠶᠢᠴᠢᠯᠠᠵᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠦᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠡᠰ ᠳᠡᠪᠰᠢᠬᠦ ᠶᠢ ᠲᠦᠯᠬᠢᠨ ᠠᠬᠢᠭᠤᠯᠬᠤ ᠶᠢᠨ ᠲᠤᠰᠠᠳᠠ᠂ ︽ᠥᠪᠡᠷᠲᠡᠭᠡᠨ ᠵᠠᠰᠠᠬᠤ ᠣᠷᠣᠨ ᠤ ᠰᠣᠳᠤᠯᠤᠨ ᠨᠡᠭᠡᠭᠡᠬᠦ  ᠣᠷᠣᠭᠤᠯᠤᠯᠲᠠ ᠶᠢᠨ ᠪᠣᠭᠤᠮᠳᠠ ᠰᠢᠪᠳᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2021 ︱ 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 35 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠠᠵᠢᠯᠯᠠᠭ᠎ᠠ ᠶᠢᠨ ᠬᠠᠷᠠᠯᠲᠠ       ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ︵R&D︶ ᠵᠠᠷᠤᠳᠠᠯ ᠤᠨ ᠣᠷᠣᠭᠤᠯᠤᠯᠲᠠ ᠶᠢ ᠵᠢᠯ ᠳᠤᠮᠳᠠᠴᠢ ᠪᠠᠷ 13%  ᠠᠴᠠ ᠳᠡᠭᠡᠭᠰᠢ ᠨᠡᠮᠡᠭᠳᠡᠭᠦᠯᠵᠦ᠂ 2025 ᠣᠨ ᠪᠣᠯᠬᠤ ᠳᠤ ᠪᠥᠬᠦ ᠨᠡᠶᠢᠭᠡᠮ ᠤᠨ ᠰᠣᠳᠤᠯᠤᠨ ᠨᠡᠭᠡᠭᠡᠬᠦ  ︵R&D︶ ᠵᠠᠷᠤᠳᠠᠯ ᠤᠨ ᠣᠷᠣᠭᠤᠯᠤᠯᠲᠠ ᠶᠢᠨ ᠬᠡᠮᠵᠢᠶ᠎ᠡ ᠶᠢ 85 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃      ᠬᠤᠶᠠᠷ᠂ ᠭᠤᠣᠯ ᠠᠷᠭ᠎ᠠ ᠬᠡᠮᠵᠢᠶ᠎ᠡ      ︵ᠨᠢᠭᠡ︶ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ  ᠣᠷᠣᠭᠤᠯᠤᠯᠲᠠ ᠶᠢ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ      1. ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠡᠳ᠋ ᠤᠨ ᠵᠠᠰᠠᠭ ᠤᠨ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠪᠠᠨ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ 500 ᠲᠦᠮᠡᠨ ᠲᠥᠭᠦᠷᠢᠭ ᠠᠴᠠ ᠳᠡᠭᠡᠭᠰᠢᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠦᠲᠦᠴᠡ ᠵᠢᠴᠢ ᠴᠢᠭᠯᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ︶     2. ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠵᠠᠷᠤᠳᠠᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠤᠳᠤᠷᠢᠳᠤᠮᠵᠢ ᠶᠢᠨ ᠦᠢᠯᠡᠳᠦᠯ ᠢ ᠴᠢᠩᠭᠠᠳᠬᠠᠵᠤ᠂ ᠰᠢᠨ᠎ᠡ ᠶᠢ ᠡᠭᠦᠳᠬᠦ ᠵᠢᠮ᠎ᠡ ᠶᠣᠰᠣᠨ ᠳᠤ ᠨᠡᠶᠢᠴᠡᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠢᠷᠡᠯᠲᠡ ᠶᠢᠨ ᠠᠷᠭ᠎ᠠ ᠵᠠᠮ᠂ ᠶᠡᠷᠦᠩᠬᠡᠢ ᠬᠡᠮᠵᠢᠶ᠎ᠡ ᠪᠠ ᠬᠡᠷᠡᠭᠯᠡᠬᠦ ᠭᠤᠣᠯ ᠴᠣᠭᠴᠠ ᠶᠢ ᠥᠯᠥ ᠬᠤᠪᠢᠷᠠᠭᠤᠯᠬᠤ ᠵᠠᠷᠴᠢᠮ ᠶᠣᠰᠣᠭᠠᠷ᠂ ᠰᠠᠯᠠᠭ᠎ᠠ ᠮᠥᠴᠢᠷ ᠪᠠ ᠨᠢᠭᠡᠴᠡ ᠶᠢᠨ ᠣᠲᠣ ᠶᠢᠨ ᠪᠠᠶᠢᠭ᠎ᠠ ᠪᠡᠯᠡ ᠮᠥᠩᠭᠦ ᠶᠢᠨ ᠳᠣᠲᠣᠷᠠᠬᠢ ᠰᠣᠳᠤᠯᠤᠨ ᠨᠡᠭᠡᠭᠡᠬᠦ‌ᠵᠠᠷᠤᠳᠠᠯ ᠤᠨ ᠣᠷᠣᠭᠤᠯᠤᠯᠲᠠ ᠳᠤ ᠬᠡᠷᠡᠭᠯᠡᠬᠦ ᠬᠡᠰᠡᠭ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠰᠣᠳᠤᠯᠤᠨ ᠨᠡᠭᠡᠭᠡᠬᠦ ᠠᠵᠢᠯᠯᠠᠭ᠎ᠠ ᠳᠤ ᠬᠡᠷᠡᠭᠯᠡᠬᠦ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠪᠦᠬᠦᠨ ᠢ ᠰᠣᠳᠤᠯᠤᠨ ᠨᠡᠭᠡᠭᠡᠬᠦ ᠠᠵᠢᠯᠯᠠᠭ᠎ᠠ ᠳᠤ ᠬᠡᠷᠡᠭᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶     3. ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠴᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ + ᠠᠵᠤ ᠠᠬᠤᠶᠢᠯᠠᠯ ᠤᠨ ᠭᠤᠣᠯ ᠴᠣᠭᠴᠠ + ᠪᠥᠬᠦ ᠨᠡᠶᠢᠭᠡᠮ ᠢᠶᠠᠷ ᠢᠶᠠᠨ ᠣᠷᠤᠯᠴᠠᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ︔ ᠠᠵᠤ ᠠᠬᠤᠶᠢᠯᠠᠯ ᠤᠨ ᠭᠤᠣᠯ ᠴᠣᠭᠴᠠ ᠪᠣᠯᠣᠨ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠠᠮᠵᠢᠯᠴᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠦᠷᠦᠯ ᠵᠦᠢᠯ ᠢ ᠡᠭᠦᠷᠭᠡᠯᠡᠬᠦ ᠬᠠᠷᠢᠴᠠᠯ 80% ᠶᠢ ᠳᠠᠪᠠᠭ᠋ᠤ ᠶᠢ ᠳᠡᠮᠵᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠣᠳᠤᠯᠤᠨ ᠨᠡᠭᠡᠭᠡᠬᠦ ᠲᠠᠯ᠎ᠠ ᠶᠢᠨ ᠰᠢᠯᠵᠢᠭᠦᠯᠦᠨ ᠲᠥᠯᠥᠬᠦ ᠪᠠ ᠴᠢᠬᠤᠯᠠ ᠶᠡᠭᠡ ᠲᠥᠷᠥᠯ ᠵᠦᠢᠯ ᠤᠨ ᠳᠡᠮᠵᠢᠯᠭᠡ ᠶᠢ ᠨᠡᠮᠡᠭᠳᠡᠭᠦᠯᠬᠦ ᠪᠠᠷ ᠢᠳᠡᠪᠬᠢᠲᠡᠢ ᠴᠢᠷᠮᠠᠶᠢᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠲᠣᠰ ᠭᠠᠵᠠᠷ ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ ᠰᠢᠯᠭᠠᠨ ᠬᠤᠷᠢᠶᠠᠬᠤ ᠶᠢ ᠦᠩᠭᠡᠷᠡᠭᠦᠯᠵᠦ᠂  ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 20—50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠰᠣᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ︵ᠬᠤᠶᠠᠷ︶ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠎ᠠ      4. ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠪᠠᠨ ᠲᠦᠷᠭᠡᠳᠬᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠲᠠᠬᠢᠨ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ 2025 ᠣᠨ ᠪᠣᠯᠬᠤ ᠳᠤ᠂ ᠲᠦᠮᠡᠨ ᠠᠵᠤ ᠠᠬᠤᠶᠢᠯᠠᠯ ᠪᠦᠷᠢ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠶᠢ 52 ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢ ᠭᠥᠷᠳᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ ᠣᠯᠭᠤᠵᠤ ᠰᠣᠳᠤᠯᠤᠨ ᠨᠡᠭᠡᠭᠡᠬᠦ ᠠᠵᠢᠯ ᠳᠤ ᠬᠡᠷᠡᠭᠯᠡᠬᠦ ᠶᠢ ᠳᠡᠮᠵᠢᠨ᠎ᠡ᠃ ᠳᠡᠭᠡᠷ᠎ᠡ ᠨᠢᠭᠡ ᠵᠢᠯ ᠪᠤᠶᠤ ᠲᠣᠰ ᠵᠢᠯ ᠳᠤ ᠨᠢᠭᠡᠨᠲᠡ ᠬᠥᠮᠥᠷᠭᠡ ᠳᠤ ᠣᠷᠣᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠩᠬ᠎ᠠ ᠤᠳᠠᠭ᠎ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠠᠨᠢᠯᠴᠠᠭᠤᠯᠤᠨ ᠮᠡᠳᠡᠭᠦᠯᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 ᠲᠦᠮᠡᠨ ᠲᠥᠭᠦᠷᠢᠭ ᠤᠨ ᠱᠠᠩᠨᠠᠯ ᠣᠯᠭᠤᠵᠤ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      5. ᠠᠵᠤ ᠠᠬᠤᠶᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠳᠤ ᠲᠥᠪᠯᠡᠷᠡᠭᠦᠯᠦᠨ ᠪᠣᠭᠤᠮᠲᠠ ᠰᠢᠪᠳᠤᠯᠬᠤ ᠶᠢ ᠳᠡᠮᠵᠢᠨ᠎ᠡ᠃ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠨ ᠳᠤ᠂ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠤ᠂ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ R&D ᠠᠵᠢᠯᠯᠠᠭᠠᠨ  ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠢ 35% ᠠᠴᠠ ᠳᠡᠭᠡᠭᠰᠢ ᠬᠦᠷᠭᠡᠵᠦ᠂ ᠠᠵᠤ ᠠᠬᠤᠶᠢᠯᠠᠯ ᠤᠨ R&D ᠤᠨ ᠵᠠᠷᠤᠳᠠᠯ ᠤᠨ ᠣᠷᠣᠭᠤᠯᠤᠯᠲᠠ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠢ 2% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ︶      6. ᠰᠣᠳᠤᠯᠤᠨ ᠨᠡᠭᠡᠭᠡᠬᠦ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠰᠣᠳᠤᠯᠤᠨ ᠨᠡᠭᠡᠭᠡᠬᠦ ᠵᠠᠷᠤᠳᠠᠯ ᠢ ᠳ᠋ᠦᠩᠨᠡᠨ ᠪᠣᠳᠣᠬᠤ ᠶᠢ ᠵᠢᠷᠤᠮᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠡᠳ᠋ ᠤᠨ ᠵᠠᠰᠠᠭ ᠠᠴᠠ ᠬᠤᠶᠢᠨ᠎ᠠ ᠨᠢ ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠵᠢᠴᠢ ᠨᠡᠮᠡᠭᠳᠡᠯ ᠤᠨ ᠬᠡᠮᠵᠢᠶ᠎ᠡ ᠨᠡᠮᠡᠭᠳᠡᠴᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ 8᠄ 2 ᠤᠨ ᠬᠠᠷᠢᠴᠠᠯ ᠢᠶᠠᠷ ᠠᠵᠤ ᠠᠬᠤᠶᠢᠯᠠᠯ ᠳᠤ ᠰᠣᠳᠤᠯᠤᠨ ᠨᠡᠭᠡᠭᠡᠭᠰᠡᠨ ᠤ ᠳᠠᠷᠠᠭᠠᠬᠢ  ᠨᠦᠬᠦᠪᠦᠷᠢ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠠᠵᠤ ᠠᠬᠤᠶᠢᠯᠠᠯ ᠤᠨ ᠨᠡᠭᠡᠭᠡᠨ ᠰᠤᠳᠤᠯᠬᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ᠂ ᠮᠡᠷᠭᠡᠵᠢᠯ ᠢᠶᠠᠨ ᠬᠤᠳᠠᠯᠳᠤᠭᠰᠠᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠶᠢ ᠡᠭᠦᠳᠬᠦ ᠤᠳᠤᠷᠢᠳᠤᠮᠵᠢ ᠶᠢ ᠲᠤᠪᠤᠶᠢᠯᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠦᠨᠡᠯᠡᠨ ᠰᠢᠯᠭᠠᠬᠤ ᠪᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠠᠰᠢᠭ ᠬᠤᠨᠵᠢᠪᠤᠷᠢ ᠲᠠᠢ ᠠᠳᠠᠯᠢ ᠪᠠᠷ ᠦᠵᠡᠵᠦ ᠡᠭᠡᠭᠦᠯᠦᠨ ᠨᠡᠮᠡᠵᠦ᠂ ᠨᠡᠮᠡᠭᠳᠡᠯ ᠤᠨ ᠬᠡᠰᠡᠭ ᠢ 150% ᠪᠠᠷ ᠨᠡᠮᠡᠵᠦ ᠪᠤᠳᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠰᠠᠭᠤᠭᠠᠯᠢ ᠠᠷᠠᠳ ᠤᠨ ᠠᠵᠤ ᠠᠬᠤᠶᠢᠯᠠᠯ ᠤᠨ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠮᠡᠷᠭᠡᠵᠢᠯ ᠢᠶᠠᠨ ᠬᠤᠳᠠᠯᠳᠤᠵᠤ ᠣᠯᠣᠭᠰᠠᠨ ᠠᠰᠢᠭ ᠣᠷᠣᠯᠭ᠎ᠠ ᠨᠢ 500 ᠲᠦᠮᠡᠨ ᠲᠥᠭᠦᠷᠢᠭ ᠠᠴᠠ ᠬᠡᠲᠦᠷᠡᠬᠦ ᠦᠭᠡᠢ ᠬᠡᠰᠡᠭ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠵᠦ᠂ ᠬᠡᠲᠦᠷᠡᠭᠰᠡᠨ ᠬᠡᠰᠡᠭ ᠠᠴᠠ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      ︵ᠭᠤᠷᠪᠠ︶ ᠰᠢᠨ᠎ᠡ ᠶᠢ ᠡᠭᠦᠳᠬᠦ ᠣᠯᠠᠨ ᠡᠰᠢᠲᠦ ᠣᠷᠣᠭᠤᠯᠤᠯᠲᠠ ᠶᠢ ᠴᠢᠩᠭᠠᠷᠠᠭᠤᠯᠤᠨ᠎ᠠ      7. ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠦᠢᠯᠡᠰ ᠤᠨ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠩᠬᠢ ᠵᠡᠷᠭᠡ ᠲᠤᠰᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠡᠵᠡᠩᠨᠡᠯᠲᠡ ᠶᠢᠨ ᠪᠠᠶᠢᠭᠤᠯᠤᠮᠵᠢ ᠲᠣᠬᠢᠷᠠᠭᠤᠯᠬᠤ ᠶᠢ ᠵᠣᠷᠢᠭᠵᠢᠭᠤᠯᠤᠨ᠎ᠠ᠃ ᠲᠤᠰᠠᠭᠠᠷ ᠢᠲᠡᠭᠡᠮᠵᠢᠲᠦ ᠵᠢᠭᠡᠯᠡᠯᠭᠡ ᠶᠢᠨ ᠲᠥᠯᠥᠪᠯᠡᠭᠡ ᠶᠢ ᠬᠠᠶᠢᠨ ᠰᠦᠪᠡᠭᠴᠢᠯᠡᠵᠦ᠂ ᠵᠢᠭᠡᠯᠡᠯᠭᠡ ᠶᠢᠨ ᠵᠦᠪᠰᠢᠶᠡᠷᠡᠯ ᠤᠨ ᠨᠥᠬᠦᠴᠡᠯ ᠢ ᠪᠠᠭᠤᠷᠠᠭᠤᠯᠤᠨ᠂ ᠢᠲᠡᠭᠡᠮᠵᠢᠲᠦ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠵᠢᠭᠡᠯᠡᠯᠭᠡ ᠶᠢᠨ ᠲᠦᠭᠰᠢᠭᠦᠷᠢ ᠶᠢ ᠬᠦᠯᠢᠴᠡᠬᠦ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠠᠬᠢ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      8. ᠰᠢᠭᠤᠳ ᠪᠡᠯᠡ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠭ᠎ᠠ ᠶᠢᠨ ᠲᠤᠬᠠᠢ ᠤᠯᠤᠰ ᠤᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠦᠢᠯᠡᠰ ᠴᠣᠭᠴᠠᠯᠠᠬᠤ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ ᠰᠠᠮᠪᠠᠷ᠎ᠠ ᠳᠤ ᠫᠠᠶᠢᠰᠠ ᠡᠯᠭᠦᠬᠦ᠂ ᠥᠪᠥᠷ ᠮᠣᠩᠭᠤᠯ ᠤᠨ ᠬᠤᠪᠢ ᠶᠢᠨ ᠡᠷᠬᠡ ᠶᠢᠨ ᠠᠷᠠᠯᠵᠢᠶ᠎ᠠ ᠶᠢᠨ ᠲᠥᠪ ᠲᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠳᠬᠤᠵᠤ᠂ ᠡᠯ᠎ᠡ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠪᠠᠭᠠᠵᠢ ᠶᠢ ᠠᠮᠢᠳᠤᠯᠢᠭ ᠢᠶᠠᠷ ᠬᠡᠷᠡᠭᠯᠡᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠥᠭᠵᠢᠯᠲᠡ ᠶᠢᠨ ᠰᠠᠭᠤᠷᠢ ᠮᠥᠩᠭᠦ ᠴᠤᠭᠯᠠᠭᠤᠯᠬᠤ ᠶᠢ ᠳᠡᠮᠵᠢᠵᠦ᠂ ᠰᠢᠭᠤᠳ ᠪᠡᠯᠡ ᠲᠣᠬᠢᠷᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠤᠷᠢᠳᠠᠪᠠᠷ  ᠱᠠᠩᠨᠠᠨ ᠨᠥᠬᠦᠪᠦᠷᠢᠯᠡᠵᠦ᠂ ᠰᠢᠭᠤᠳ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠦᠴᠦᠲᠡᠢ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶      9. ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠠᠪᠴᠠᠩ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠨ᠎ᠠ᠃ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠳᠤ ᠬᠡᠯᠪᠡᠶᠢᠯᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      10. ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠵᠣᠷᠢᠭᠵᠢᠭᠤᠯᠤᠨ᠎ᠠ᠃ ᠮᠠᠨ ᠤ ᠬᠤᠲᠠ ᠶᠢᠨ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠᠷ ᠪᠡᠯᠡᠳᠬᠡᠬᠦ ᠶᠠᠪᠤᠴᠠ ᠳᠤ᠂ ᠬᠤᠲᠠ ᠶᠢᠨ ᠲᠣᠰ ᠱᠠᠲᠤᠨ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠵᠤ᠂ ᠱᠠᠩᠨᠠᠯ ᠨᠥᠬᠦᠪᠦᠷᠢ ᠶᠢᠨ ᠮᠦᠩᠭᠦ ᠶᠢ ᠨᠡᠶᠢᠲᠡ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠡᠭᠦᠨ ᠢ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠵᠣᠷᠢᠭᠵᠢᠭᠤᠯᠵᠤ ᠱᠠᠩᠨᠠᠬᠤ ᠠᠷᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠨᠥᠬᠦᠪᠦᠷᠢ ᠪᠡᠯᠡ ᠮᠥᠩᠭᠦ ᠣᠯᠬᠤ ᠶᠢ ᠢᠳᠡᠪᠬᠢᠲᠡᠢ ᠬᠠᠪᠰᠤᠷᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ︵ᠳᠥᠷᠪᠡ︶ ᠰᠢᠨ᠎ᠡ ᠶᠢ ᠡᠭᠦᠳᠬᠦ ᠡᠯ᠎ᠡ ᠲᠦᠷᠦᠯ ᠤᠨ ᠬᠦᠴᠦᠨ ᠵᠦᠢᠯ ᠤᠨ ᠥᠨᠳᠥᠷ ᠪᠦᠲᠦᠮᠵᠢᠲᠡᠢ ᠬᠠᠮᠵᠢᠯᠴᠠᠬᠤ ᠶᠢ ᠲᠦᠯᠬᠢᠨ ᠠᠬᠢᠭᠤᠯᠤᠨ᠎ᠠ      11. ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠲᠥᠷᠥᠯ ᠤᠨ ᠰᠣᠳᠤᠯᠤᠨ ᠨᠡᠭᠡᠭᠡᠵᠦ ᠰᠢᠨ᠎ᠡ ᠶᠢ ᠡᠭᠦᠳᠬᠦ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠳᠬᠡᠵᠦ᠂ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠨᠡᠭᠡᠭᠡᠯᠲᠡ ᠬᠢᠵᠦ ᠬᠠᠮᠲᠤᠪᠠᠷ ᠠᠰᠢᠭᠯᠠᠬᠤ ᠲᠣᠭᠲᠠᠴᠠ ᠶᠢ ᠪᠠᠶᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠦᠰᠢᠭᠯᠡᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠰᠢᠨ᠎ᠡ ᠶᠢ ᠡᠭᠦᠳᠬᠦ ᠰᠣᠳᠤᠯᠤᠨ ᠨᠡᠭᠡᠭᠡᠬᠦ  ᠲᠠᠪᠴᠠᠩ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠬᠡᠷᠡᠭᠵᠢᠭᠦᠯᠬᠦ ᠰᠠᠨᠠᠯ︾ ᠤᠨ ᠲᠣᠭᠲᠠᠭᠠᠯ ᠶᠣᠰᠣᠭᠠᠷ ᠰᠣᠳᠤᠯᠤᠨ ᠨᠡᠭᠡᠭᠡᠬᠦ ᠪᠠᠶᠢᠭᠤᠯᠤᠮᠵᠢ ᠳᠤ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ 2025 ᠣᠨ ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠭᠰᠠᠨ ᠬᠤᠪᠢ ᠶᠢᠨ ᠵᠢᠩ ᠢ 35% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠮᠠᠨ ᠤ ᠬᠤᠲᠠ ᠶᠢᠨ ᠭᠤᠣᠯᠯᠠᠬᠤ ᠠᠵᠤ ᠦᠢᠯᠡᠰ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠲᠠᠢ ᠪᠣᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ︶      ᠬᠤᠲᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠢ ᠦᠨᠡᠯᠡᠨ  ᠵᠢᠱᠢᠬᠦ ᠡᠷᠴᠢᠮ ᠢᠶᠠᠨ ᠴᠢᠩᠭᠠᠷᠠᠭᠤᠯᠵᠤ᠂ ᠰᠣᠳᠤᠯᠤᠨ ᠨᠡᠭᠡᠭᠡᠬᠦ ᠵᠠᠷᠤᠳᠠᠯ ᠢ ᠬᠤᠶᠢᠨ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      12. ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠪᠠ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠭᠤᠣᠯ ᠣᠷᠣᠨ ᠪᠣᠯᠭᠠᠨ ᠪᠦᠲᠦᠭᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠲᠥᠪᠯᠡᠷᠡᠩᠭᠦᠢ ᠪᠠᠶᠢᠷᠢᠰᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠰ ᠵᠢᠴᠢ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ 2025 ᠣᠨ ᠪᠣᠯᠬᠤ ᠳᠤ᠂ ᠵᠢᠨᠱᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 2.5% ᠠᠴᠠ ᠳᠡᠭᠡᠭᠰᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠭᠡᠭᠡᠨ ᠰᠤᠳᠤᠯᠬᠤ ᠣᠷᠣᠭᠤᠯᠤᠯᠲᠠ ᠶᠢᠨ ᠡᠷᠴᠢᠮ ᠢ 1.5% ᠠᠴᠠ ᠳᠡᠭᠡᠭᠰᠢ ᠬᠦᠷᠭᠡᠨ᠎ᠡ︔ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ 1.5% ᠠᠴᠠ ᠳᠡᠭᠡᠭᠰᠢ ᠬᠦᠷᠭᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ︶      13. ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠬᠥᠲᠥᠯᠥᠨ ᠵᠢᠯᠣᠭᠤᠳᠴᠤ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠤᠲᠠ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠬᠥᠲᠥᠯᠥᠨ ᠵᠢᠯᠤᠭᠤᠳᠴᠤ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ ᠂ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠬᠠᠮᠲᠤᠪᠠᠷ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ ᠤᠨ ᠰᠣᠳᠤᠯᠤᠨ ᠨᠡᠭᠡᠭᠡᠬᠦ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠵᠡᠷᠭᠡ ᠶᠢ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ᠂ ᠦᠨᠡᠯᠡᠨ ᠵᠢᠱᠢᠵᠦ ᠦᠨᠡᠯᠡᠨ ᠰᠢᠯᠭᠠᠬᠤ ᠵᠡᠷᠭᠡ ᠠᠵᠢᠯ ᠤᠨ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠪᠦᠲᠦᠮᠵᠢᠲᠡᠶ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      14. ᠰᠢᠨ᠎ᠡ ᠶᠢ ᠡᠭᠦᠳᠬᠦ ᠳᠤ ᠨᠡᠭᠡᠭᠡᠯᠳᠡ ᠬᠢᠵᠦ ᠬᠠᠮᠲᠤᠷᠠᠯᠴᠠᠬᠤ ᠶᠢ ᠭᠦᠨᠵᠡᠭᠡᠶᠢᠷᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠣᠭᠤᠯᠬᠤ︾ ᠬᠠᠮᠲᠤᠷᠠᠯᠴᠠᠭ᠎ᠠ ᠶᠢ ᠠᠬᠢᠭᠤᠯᠬᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠬᠤ ᠬᠤᠷᠠᠯ ᠵᠡᠷᠭᠡ ᠶᠢ ᠪᠠᠶᠢᠩᠭᠤ ᠶᠢᠨ ᠴᠢᠨᠠᠷ ᠲᠠᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠪᠠᠷ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠤᠯᠠᠷᠢᠭᠤᠯᠬᠤ ᠶᠢ ᠠᠬᠢᠭᠤᠯᠤᠨ᠎ᠠ︔ ᠮᠠᠨ ᠤ ᠬᠤᠲᠠ ᠶᠢᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠮᠡᠷᠭᠡᠵᠢᠯ ᠤᠨ ᠰᠢᠪᠲᠤᠯᠤᠯᠲᠠ ᠬᠢᠬᠦ ᠶᠢ ᠵᠣᠷᠢᠭᠵᠢᠭᠤᠯᠤᠨ᠎ᠠ︔ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷ᠎ᠡ ᠲᠠᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠥᠬᠡᠬᠤᠲᠠ ᠳᠤ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠬᠠᠮᠲᠤᠷᠠᠯᠴᠠᠬᠤ ᠬᠤᠭᠤᠴᠠᠭᠠᠨ ᠳᠤ ᠵᠢᠯ ᠪᠦᠷᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠣᠯᠭᠤᠵᠤ᠂ ᠲᠥᠯᠥᠪᠦᠷᠢ ᠦᠭᠡᠢ ᠪᠠᠷ ᠰᠣᠳᠤᠯᠤᠨ ᠨᠡᠭᠡᠭᠡᠬᠦ ᠲᠠᠯᠠᠪᠤᠷ ᠭᠠᠵᠠᠷ ᠪᠠ ᠠᠵᠤ ᠠᠬᠤᠶᠢᠯᠠᠯ ᠤᠨ ᠠᠵᠢᠯᠯᠠᠬᠤ ᠲᠠᠯᠠᠪᠤᠷ ᠬᠠᠩᠭᠠᠨ᠎ᠠ᠃ ᠮᠣᠩᠭᠤᠯ᠂ ᠣᠷᠣᠰ ᠵᠡᠷᠭᠡ ᠤᠯᠤᠰ ᠵᠢᠴᠢ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠮᠡᠷᠭᠡᠵᠢᠯ ᠢ ᠬᠤᠪᠢᠷᠠᠭᠤᠯᠤᠨ ᠤᠯᠠᠷᠢᠭᠤᠯᠬᠤ ᠲᠥᠪ ᠵᠡᠷᠭᠡ ᠶᠢ ᠬᠠᠮᠲᠤᠪᠠᠷ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶      15. ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠰᠢᠨ᠎ᠡ ᠶᠢ ᠡᠭᠦᠳᠬᠦ ᠲᠥᠪ᠂ ᠪᠡᠶ᠎ᠡ ᠪᠠᠨ ᠳᠠᠭᠠᠭᠠᠭᠰᠠᠨ ᠰᠣᠳᠤᠯᠤᠨ ᠨᠡᠭᠡᠭᠡᠬᠦ ᠪᠠᠶᠢᠭᠤᠯᠤᠮᠵᠢ ᠵᠡᠷᠭᠡ ︽ᠴᠢᠳᠠᠪᠤᠷᠢᠲᠠᠨ ᠤ ᠨᠢᠰᠦᠯᠲᠡ ᠭᠠᠵᠠᠷ︾ ᠪᠠᠶᠢᠭᠤᠯᠬᠤ ᠶᠢ ᠳᠡᠮᠵᠢᠨ᠎ᠡ᠃ ᠰᠣᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠦᠬᠡᠬᠤᠲᠠ ᠳᠤ ᠠᠪᠴᠢᠷᠠᠵᠤ ᠬᠤᠪᠢᠷᠠᠭᠤᠯᠤᠨ ᠤᠯᠠᠷᠢᠭᠤᠯᠤᠭᠰᠠᠨ ᠣᠨ ᠤ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 50 ︱ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠲᠠᠪᠤ︶ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠪᠦᠷᠢᠳᠬᠡᠬᠦ ᠠᠵᠢᠯ ᠢ ᠴᠢᠩᠭᠠᠳᠬᠠᠨ᠎ᠠ      16. ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠦᠷᠢᠳᠬᠡᠯ ᠤᠨ ᠨᠥᠬᠦᠴᠡᠯ ᠤᠨ ᠪᠠᠲᠤᠯᠠᠭ᠎ᠠ ᠬᠢᠭᠡᠳ  ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠰᠣᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠲᠤᠭ᠎ᠠ ᠪᠦᠷᠢᠳᠬᠡᠯ᠂ ᠰᠢᠨᠵᠢᠯᠡᠬᠦ ᠤᠬᠠᠭᠠᠨ ᠮᠡᠷᠭᠡᠵᠢᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      17. ᠬᠦᠷᠢᠶᠡᠯᠡᠩ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠬᠥᠳᠡᠯᠦᠩᠭᠦᠢ ᠬᠢᠨᠠᠨ  ᠬᠡᠮᠵᠢᠬᠦ ᠶᠢ ᠴᠢᠩᠭᠠᠳᠬᠠᠨ᠎ᠠ᠃ ᠬᠦᠷᠢᠶᠡᠯᠡᠩ ᠲᠣᠭᠤᠷᠢᠭ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠴᠤᠭᠯᠠᠭᠤᠯᠤᠨ ᠪᠦᠷᠢᠳᠬᠡᠬᠦ ᠪᠡᠶ᠎ᠡ ᠪᠠᠨ ᠳᠠᠭᠠᠭᠠᠭᠰᠠᠨ ᠰᠢᠰᠲ᠋ᠧᠮᠵᠢ ᠶᠢ ᠪᠠᠶᠢᠭᠤᠯᠵᠤ᠂ ᠰᠣᠳᠤᠯᠤᠨ ᠨᠡᠭᠡᠭᠡᠬᠦ ᠣᠷᠣᠭᠤᠯᠤᠯᠲᠠ᠂ ᠰᠣᠳᠤᠯᠤᠨ ᠨᠡᠭᠡᠭᠡᠬᠦ ᠪᠠᠶᠢᠭᠤᠯᠤᠮᠵᠢ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠦᠲᠦᠮᠵᠢᠲᠡᠶ ᠡᠭᠦᠳᠦᠯᠲᠡ ᠶᠢᠨ ᠲᠤᠰᠬᠠᠢ ᠠᠰᠢᠭ ᠵᠡᠷᠭᠡ ᠭᠦᠢᠴᠡᠳᠬᠡᠯ ᠲᠤᠭ᠎ᠠ ᠪᠠᠷ ᠭᠤᠣᠯ ᠪᠣᠯᠭᠠᠭᠰᠠᠨ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠪᠥᠬᠦ ᠨᠡᠶᠢᠭᠡᠮ ᠤᠨ ᠰᠣᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      ︵ᠬᠤᠶᠠᠷ︶ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠵᠡᠷᠭᠡ ᠨᠢ ᠪᠣᠳᠠᠲᠠᠢ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠥᠬᠦ ᠨᠡᠶᠢᠭᠡᠮ ᠢ ᠬᠥᠲᠥᠯᠥᠨ ᠳᠠᠶᠢᠴᠢᠯᠠᠵᠤ ᠰᠣᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠦᠨᠡᠨᠬᠦ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ᠃      ︵ᠭᠤᠷᠪᠠ︶ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠰᠣᠳᠤᠯᠤᠨ ᠨᠡᠭᠡᠭᠡᠬᠦ ᠣᠷᠣᠭᠤᠯᠤᠯᠲᠠ ᠶᠢᠨ ᠬᠠᠲᠠᠭᠤ ᠨᠡᠮᠡᠭᠳᠡᠯ᠂ ᠪᠥᠬᠦ ᠨᠡᠶᠢᠭᠡᠮ ‍ᠦᠨ‌‍ᠰᠣᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠬᠦ ᠵᠡᠷᠭᠡ ᠶᠢ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠣᠨ ᠤ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠡᠯᠡᠬᠦ ᠳᠦᠷᠢᠮ ᠢ ᠪᠠᠶᠢᠭᠤᠯᠤᠨ᠎ᠠ᠃ ᠰᠣᠳᠤᠯᠤᠨ ᠨᠡᠭᠡᠭᠡᠬᠦ ᠣᠷᠣᠭᠤᠯᠤᠯᠲᠠ ᠶᠢ ᠬᠢᠨᠠᠨ ᠬᠡᠮᠵᠢᠵᠦ᠂ ᠦᠨᠡᠯᠡᠨ ᠵᠢᠱᠢᠭᠰᠡᠨ ᠵᠢᠴᠢ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号