ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠴᠠᠭ ᠲᠤᠬᠠᠢ ᠳᠤᠨᠢ ᠬᠦᠴᠢᠷᠳᠡᠯᠲᠡᠢ ᠣᠯᠠᠨ ᠲᠦᠮᠡᠨ ᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠮᠦᠩᠭᠦ ᠶᠢ 1515 ᠲᠦᠮᠡᠨ ᠲᠥᠭᠦᠷᠢᠭ  ᠰᠠᠯᠭᠠᠨ ᠥᠭᠴᠡᠢ
ᠨᠡᠶᠢᠲᠡᠯᠡᠭᠰᠡᠨ ᠴᠠᠭ᠄
2022/8/10
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂  ᠲᠡᠷᠡ ᠳᠠᠷᠤᠢ ᠳᠤᠨᠢ ᠬᠦᠴᠢᠷᠳᠡᠯᠲᠡᠢ ᠣᠯᠠᠨ ᠲᠦᠮᠡᠨ ᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠮᠥᠩᠭᠦ ᠶᠢ 1515 ᠲᠦᠮᠡᠨ ᠲᠥᠭᠦᠷᠢᠭ ᠰᠠᠯᠭᠠᠨ ᠥᠭᠴᠦ᠂ ᠡᠯ᠎ᠡ ᠭᠠᠵᠠᠷ ᠤᠨ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠣᠯᠭᠤᠬᠤ ᠶᠢ ᠦᠨᠡᠨᠬᠦ ᠪᠠᠲᠤᠯᠠᠪᠠ᠃      ᠤᠯᠤᠰ ᠤᠨ ᠠᠵᠤ ᠠᠬᠤᠢ ᠶᠢ ᠯᠠᠪᠳᠠᠭᠤᠨ ᠲᠣᠭᠲᠠᠪᠤᠷᠢᠵᠢᠭᠤᠯᠵᠤ᠂ ᠨᠡᠶᠢᠭᠡᠮ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠲᠡᠭᠦᠯᠳᠡᠷᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠡᠦᠬᠡᠳ᠂ ᠥᠨᠥᠴᠢᠨ ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠬᠥᠮᠥᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠪᠠ᠃ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠠᠴᠠ ᠪᠦᠬᠦ ᠲᠤᠭ᠎ᠠ ᠪᠠᠷ ᠨᠢ ᠨᠥᠬᠦᠪᠦᠷᠢᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号