8 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/10
      8 ᠳ᠋ᠤᠭᠠᠷ ᠰᠠᠷ᠎ᠠ ᠶᠢᠨ 9 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 27 ︵ᠪᠦᠬᠦᠨ ᠢ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ  ︶ ᠨᠡᠮᠡᠭᠳᠡᠪᠡ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 26 ︵ᠵᠢᠨᠢᠩ ᠲᠣᠭᠤᠷᠢᠭ ᠲᠤ 3᠂ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ 23︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ︵ᠪᠦᠬᠦᠨ ᠢ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶ ᠨᠡᠮᠡᠭᠳᠡᠪᠡ᠂ ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ ᠪᠣᠢ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 1 ᠬᠥᠮᠥᠨ ︵ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ︶ ᠢᠯᠠᠷᠢᠰᠢᠵᠦ ᠡᠮᠨᠡᠯᠭᠡ ᠠᠴᠠ ᠭᠠᠷᠪᠠ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 2 ᠬᠥᠮᠥᠨ ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠥᠮᠥᠨ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      8 ᠳ᠋ᠤᠭᠠᠷ ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 114 ᠪᠤᠢ᠂ ᠡᠭᠦᠨ ᠳᠤ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 34 ︵ᠡᠷᠢᠶᠡᠨ ᠬᠤᠲᠠ ᠳᠤ 32᠂ ᠰᠥᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠲᠠ ᠳᠤ 74 ︵ᠵᠢᠨᠢᠩ ᠲᠣᠭᠤᠷᠢᠭ ᠲᠤ 9᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ 63᠂ ᠱᠠᠩᠳᠤ ᠰᠢᠶᠠᠨ ᠳᠤ 2︶᠂ ᠣᠷᠳᠣᠰ ᠬᠤᠲᠠ ᠳᠤ 2 ︵ᠴᠥᠮ ᠡᠵᠡᠨ ᠬᠤᠷᠤᠭ᠎ᠠ ᠬᠤᠰᠢᠭᠤᠨ ᠳᠤ︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 34 ᠪᠣᠢ᠂ ᠡᠭᠦᠨ ᠳᠤ ᠰᠢᠯᠢ ᠶᠢᠨ ᠭᠤᠣᠯ ᠠᠶᠢᠮᠠᠭ ᠲᠤ 19 ︵ᠡᠷᠢᠶᠡᠨ ᠬᠤᠲᠠ ᠳᠤ 18᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 15 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 14︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 16 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号