8 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/15
      8 ᠳ᠋ᠤᠭᠠᠷ ᠰᠠᠷ᠎ᠠ ᠶᠢᠨ 14 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠴᠦᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ  ︶ ᠨᠡᠮᠡᠭᠳᠡᠪᠡ᠂ ᠬᠥᠬᠡᠬᠤᠲᠠ ᠳᠤ ᠪᠠᠶᠢᠵᠣ᠂ ᠡᠭᠦᠨ ᠳᠤ ᠢᠦᠢ ᠴᠢᠦᠸᠠᠨ ᠲᠣᠭᠤᠷᠢᠭ ᠲᠤ 1 ︵8 ᠳ᠋ᠤᠭᠠᠷ ᠰᠠᠷ᠎ᠠ ᠶᠢᠨ 13 ᠤ ᠡᠳᠦᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠦᠴᠦᠸᠠᠨ ᠰᠢᠶᠠᠨ ᠳᠤ 1 ︵ᠭᠠᠳᠠᠨ᠎ᠠ ᠮᠤᠵᠢ ᠶᠢᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 9 ︵ᠴᠦᠮ ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ︶  ᠨᠡᠮᠡᠭᠳᠡᠵᠦ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 6 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ︶ ᠂ ᠰᠢᠯᠢ ᠶᠢᠨ ᠭᠤᠣᠯ ᠠᠶᠢᠮᠠᠭ ᠲᠤ 2 ︵ᠡᠷᠢᠶᠡᠨ ᠬᠤᠲᠠ ᠳᠤ 1᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ︶ ᠪᠣᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠥᠮᠥᠨ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      8 ᠳ᠋ᠤᠭᠠᠷ ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 100 ᠪᠤᠢ᠂ ᠡᠭᠦᠨ ᠳᠤ ᠬᠥᠬᠡᠬᠤᠲᠠ ᠳᠤ 6 ︵ᠰᠢᠨ᠎ᠡ ᠬᠤᠲᠠ ᠲᠣᠭᠤᠷᠢᠭ ᠲᠤ 4᠂ ᠢᠦᠢ ᠴᠢᠦᠸᠠᠨ ᠲᠣᠭᠤᠷᠢᠭ ᠲᠤ 1᠂ ᠦᠴᠦᠸᠠᠨ ᠰᠢᠶᠠᠨ ᠳᠤ 1︶᠂ ᠰᠢᠯᠢ ᠶᠢᠨ ᠭᠤᠣᠯ ᠠᠶᠢᠮᠠᠭ ᠲᠤ 19 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 73 ︵ᠵᠢᠨᠢᠩ ᠲᠣᠭᠤᠷᠢᠭ ᠲᠤ 8᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ 63᠂ ᠱᠠᠩᠳᠤ ᠰᠢᠶᠠᠨ ᠳᠤ 2︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 48 ᠪᠣᠢ᠂ ᠡᠭᠦᠨ ᠳᠤ ᠰᠢᠯᠢ ᠶᠢᠨ ᠭᠤᠣᠯ ᠠᠶᠢᠮᠠᠭ ᠲᠤ 9 ︵ᠡᠷᠢᠶᠡᠨ ᠬᠤᠲᠠ ᠳᠤ 8᠂ ᠰᠥᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 39 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 38︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 16 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号