ᠬᠤᠲᠠ ᠶᠢᠨ ᠨᠠᠮ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 39 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/15
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 8 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠳᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 39 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠳᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠠᠶᠤᠯᠭᠦᠢ ᠪᠠᠶᠢᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭ᠎ᠠ ᠨᠢᠮᠪᠠᠢ᠂ ᠲᠡᠷᠡ ᠬᠡᠪ ᠢᠶᠠᠷ ᠨᠢ ᠰᠠᠶᠢᠲᠤᠷ ᠬᠢᠬᠦ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠬᠤᠶᠠᠷ ᠥᠷᠲᠡᠭᠡ ᠨᠢᠭᠡ ᠪᠠᠭᠤᠳᠠᠯ︾ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠨᠠᠷᠢᠯᠢᠭ ᠣᠨᠣᠪᠴᠢᠲᠠᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠵᠠᠮ ᠬᠠᠷᠢᠯᠴᠠᠭᠠᠨ ᠤ ᠣᠷᠣᠬᠤ ᠭᠠᠵᠠᠷ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ︽ᠬᠤᠶᠠᠷ ᠺᠣᠳ᠋ ᠨᠢᠭᠡ ᠭᠡᠷᠡᠴᠢ︾ ᠶᠢ ᠪᠠᠶᠢᠴᠠᠭᠠᠨ ᠰᠢᠯᠭᠠᠬᠤ ᠪᠠ ︽ᠢᠷᠡᠭᠰᠡᠨ ᠳᠠᠷᠤᠢ ᠪᠠᠶᠢᠴᠠᠭᠠᠬᠤ︾ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠬᠡᠬᠤᠲᠠ ᠳᠤ ᠢᠷᠡᠬᠦ ᠪᠤᠴᠠᠬᠤ ᠬᠥᠮᠥᠰ ᠢ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠲᠠᠢ ᠣᠷᠣᠨ ᠪᠠᠶᠢᠷᠢ ᠪᠣᠯᠣᠨ ᠬᠥᠮᠥᠰ ᠢ ᠨᠠᠷᠢᠨ ᠪᠠᠶᠢᠴᠠᠭᠠᠵᠤ᠂ ᠲᠣᠮᠣ ᠳ᠋ᠠᠶᠢᠲ᠋ᠠ᠂ ᠲᠣᠣᠷᠵᠢᠯᠳᠡ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠲᠠᠬᠤᠯ ᠡᠪᠡᠳᠴᠢᠨ ᠢ ᠮᠥᠷᠳᠡᠨ ᠪᠠᠶᠢᠴᠠᠭᠠᠬᠤ ᠬᠤᠷᠳᠤᠴᠠ ᠶᠢ ᠲᠦᠷᠭᠡᠳᠬᠡᠵᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ ᠬᠤᠭᠤᠯᠠᠨ ᠭᠡᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ ᠤᠨ ᠺᠣᠳ᠋ ᠰᠢᠷᠪᠢᠵᠦ ᠺᠣᠳ᠋ ᠰᠢᠯᠭᠠᠬᠤ ᠠᠵᠢᠯ ᠢ ᠴᠢᠩᠭ᠎ᠠ ᠥᠷᠨᠢᠭᠦᠯᠬᠦ ᠶᠢ ᠰᠢᠮᠳᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠬᠠᠮᠢᠶᠠᠷᠤᠯᠲᠠ ᠶᠢᠨ ᠠᠯᠳᠠᠰᠢ ᠭᠠᠷᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠷᠢᠭᠤᠳᠬᠠᠬᠤ ᠶᠢ ᠴᠢᠩᠳᠠᠯᠠᠵᠤ᠂ ᠠᠯᠬᠤᠮ ᠳᠠᠷᠠᠭ᠎ᠠ ᠶᠢ ᠵᠢᠷᠤᠮᠵᠢᠭᠤᠯᠵᠤ᠂ ᠳᠤᠲᠠᠭᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠤᠰᠠᠭᠠᠷᠯᠠᠬᠤ ᠴᠡᠭ ᠲᠤ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠦᠨᠡᠨᠬᠦ ᠬᠠᠷᠢᠭᠤᠯᠲᠠ ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠤᠯᠠᠨ ᠤ ᠠᠮᠢ ᠨᠠᠰᠤᠨ ᠤ ᠠᠶᠤᠯᠭᠦᠢ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠤᠨ ᠳᠠᠷᠠᠭ᠎ᠠ᠂ ᠪᠣᠣ ᠭᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ᠂ ᠡᠯ᠎ᠡ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠸᠢᠳᠢᠤ᠋ ᠪᠠᠷ ᠲᠣᠬᠢᠷᠠᠭᠤᠯᠪᠠ᠃      ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号