| | | ᠪᠥᠬᠦ ᠠᠷᠠᠳ ᠤᠨ ᠠᠶᠤᠯᠭᠦᠢ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠨ ᠤ | ᠠᠮᠠᠷᠠᠯᠲᠠ ᠶᠢᠨ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠤᠰᠤᠨ ᠳᠤ ᠵᠢᠪᠬᠦ ᠠᠳᠡᠯ ᠭᠠᠷᠬᠤ ᠶᠢ | ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ | ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠯᠪᠠᠨ ᠤ ᠲᠠᠯ᠎ᠠ ᠶᠢᠨ ᠲᠢᠺ ᠲᠣᠺ ᠲᠠᠪᠴᠠᠩ ᠳᠤ | ᠲᠦᠰᠢᠭᠯᠡᠨ ︽ᠤᠰᠤᠨ ᠳᠤ ᠤᠮᠪᠠᠵᠤ ᠤᠰᠤᠨ ᠳᠤ ᠨᠠᠭᠠᠳᠴᠤ ᠰᠡᠷᠢᠭᠦᠴᠡᠬᠦ ᠳᠡᠭᠡᠨ ᠠᠶᠤᠯᠭᠦᠢ ᠶᠢ ᠴᠠᠭ ᠢᠮᠠᠭᠲᠠ | ᠠᠩᠬᠠᠷᠬᠤ ᠬᠡᠷᠡᠭᠲᠡᠢ︾ ᠪᠠᠷ ᠭᠤᠣᠯ ᠰᠡᠳᠦᠪ ᠪᠣᠯᠭᠠᠭᠰᠠᠨ ᠤᠰᠤᠨ ᠳᠤ ᠵᠢᠪᠬᠦ ᠶᠢ ᠰᠡᠷᠭᠡᠶᠢᠯᠡᠬᠦ ᠰᠦᠯᠵᠢᠶᠡᠨ | ᠳᠡᠭᠡᠷᠡᠬᠢ ᠬᠢᠴᠢᠶᠡᠯ ᠡᠷᠬᠢᠯᠡᠪᠡ᠃ | ᠬᠢᠴᠢᠶᠡᠯ ᠳᠡᠭᠡᠷ᠎ᠡ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ ᠠᠴᠠ ᠥᠷᠭᠡᠨ | ᠣᠯᠠᠨ ᠬᠤᠲᠠ ᠶᠢᠨ ᠠᠷᠠᠳ ᠲᠤ ︽ᠤᠰᠤᠨ ᠳᠤ ᠵᠢᠪᠬᠦ ᠶᠢᠨ ᠤᠬᠠᠭᠳᠠᠬᠤᠨ ᠪᠠ ᠬᠤᠣᠷ ᠨᠥᠯᠥᠭᠡ᠂ ᠤᠰᠤᠨ ᠳᠤ | ᠵᠢᠪᠬᠦ ᠨᠢ ᠬᠡᠳᠦᠨ ᠵᠦᠢᠯ ᠪᠠᠶᠢᠳᠠᠭ᠂ ᠤᠰᠤᠨ ᠳᠤ ᠵᠢᠪᠬᠦ ᠠᠴᠠ ᠡᠮᠦᠨ᠎ᠡ ᠶᠠᠭᠤ ᠶᠢ ᠠᠩᠬᠠᠷᠬᠤ ᠬᠡᠷᠡᠭᠲᠡᠢ ᠪᠣᠶ︾ ᠭᠡᠬᠦ | ᠮᠡᠲᠦ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠡᠯ᠎ᠡ ᠵᠦᠢᠯ ᠤᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠵᠤ | ᠥᠭᠪᠡ᠃ ᠡᠭᠦᠨ ᠤ ᠬᠠᠮᠲᠤ ᠲᠤᠬᠠᠢ ᠶᠢᠨ ᠲᠠᠯᠠᠪᠠᠶ ᠳᠤ ᠤᠰᠤᠨ ᠳᠤ ᠵᠢᠪᠦᠭᠰᠡᠨ ᠬᠦᠮᠦᠨ ᠢ ᠡᠷᠭᠢ ᠳᠤ | ᠭᠠᠷᠭᠠᠭᠰᠠᠨ ᠤ ᠳᠠᠷᠠᠭ᠎ᠠ ᠬᠡᠷᠬᠢᠨ ᠲᠦᠷᠭᠡᠨ ᠠᠪᠤᠷᠠᠬᠤ᠂ ᠤᠰᠤᠨ ᠳᠤ ᠵᠢᠪᠦᠭᠰᠡᠨ ᠬᠦᠮᠦᠨ ᠢ ᠬᠡᠷᠬᠢᠨ ᠬᠠᠪᠰᠤᠷᠴᠤ | ᠠᠮᠢᠰᠬᠤᠯ ᠢ ᠨᠢ ᠰᠡᠷᠭᠦᠭᠡᠬᠦ ᠵᠡᠷᠭᠡ ᠶᠢ ᠦᠨᠡᠨ ᠬᠦᠮᠦᠨ ᠳᠠᠭᠤᠷᠢᠶᠠᠨ ᠬᠢᠵᠦ᠂ ᠰᠦᠯᠵᠢᠶᠡᠨ ᠤ ᠨᠠᠶᠢᠵᠠ ᠨᠠᠷ ᠲᠤ | ᠤᠰᠤᠨ ᠳᠤ ᠵᠢᠪᠬᠦ ᠠᠴᠠ ᠰᠡᠷᠭᠡᠶᠢᠯᠡᠬᠦ ᠮᠡᠳᠡᠯᠭᠡ ᠶᠢᠨ ᠬᠥᠮᠦᠵᠢᠯ ᠬᠦᠷᠲᠡᠭᠡᠪᠡ᠃ ᠰᠤᠷᠪᠤᠯᠵᠢᠯᠠᠭᠴᠢ ᠯᠢᠶᠠᠩ ᠵᠢᠩ ᠱᠤ᠋ | ᠰᠡᠭᠦᠳᠡᠷᠯᠡᠪᠡ |