︵ᠰᠤᠷᠪᠤᠯᠵᠢᠯᠠᠭᠴᠢ ᠶᠦᠨ ᠵᠢᠩ ᠯᠢᠦ ᠬᠤᠢ ᠬᠤᠢ︶ 8 ᠳ᠋ᠤᠭᠠᠷ ᠰᠠᠷ᠎ᠠ ᠶᠢᠨ 17 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ | ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠦᠩ ᠰᠢᠩ | ᠴᠢᠮᠡᠭᠡ ᠬᠤᠯᠪᠣᠭ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ | ᠵᠠᠬᠢᠷᠤᠯ᠂ ᠵᠠᠰᠠᠭ ᠠᠵᠤ ᠠᠬᠤᠶᠢᠯᠠᠯ ᠤᠨ ᠳᠤᠮᠳᠠᠳᠤ ᠤᠯᠤᠰ ᠤᠨ ᠠᠵᠢᠯ ᠦᠢᠯᠡᠰ ᠤᠨ ᠬᠡᠯᠲᠡᠰ ᠤᠨ ᠶᠡᠷᠦᠩᠬᠡᠢ | ᠳᠠᠭᠠᠭᠠᠮᠠᠯ ᠵᠦ ᠶᠦᠩ ᠲᠤᠤ ᠨᠠᠷ ᠲᠠᠢ ᠠᠭᠤᠯᠵᠠᠪᠠ᠃ | ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠵᠦ ᠶᠦᠩ | ᠲᠤᠤ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠂ ᠲᠡᠷᠡ ᠬᠡᠯᠡᠬᠦ ᠳᠡᠭᠡᠨ᠂ ᠵᠦᠩ ᠰᠢᠩ ᠴᠢᠮᠡᠭᠡ | ᠬᠤᠯᠪᠣᠭ᠎ᠠ ᠪᠣᠯ ᠳᠡᠯᠡᠬᠡᠢ ᠶᠢᠨ ᠲᠡᠷᠢᠭᠦᠨ ᠤ ᠶᠡᠷᠦᠩᠬᠡᠶᠢᠯᠡᠭᠰᠡᠨ ᠴᠢᠮᠡᠭᠡ ᠬᠤᠯᠪᠣᠭᠠᠨ ᠤ ᠰᠢᠢᠳᠪᠦᠷᠢᠯᠡᠬᠦ ᠲᠥᠰᠥᠯ | ᠬᠠᠩᠭᠠᠭᠴᠢ ᠠᠵᠤ ᠠᠬᠤᠶᠢᠯᠠᠯ᠂ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠤ ᠳᠠᠭᠠᠭᠤᠯᠤᠭᠴᠢ ᠠᠵᠤ | ᠠᠬᠤᠶᠢᠯᠠᠯ ᠪᠣᠯᠣᠨ᠎ᠠ᠂ ᠲᠤᠭ᠎ᠠ ᠪᠠᠷᠢᠮᠲᠠ ᠶᠢᠨ ᠴᠢᠮᠡᠭᠡ ᠬᠤᠯᠪᠣᠭ᠎ᠠ᠂ ᠬᠢᠮᠡᠯ ᠤᠶᠦᠠ᠂ ᠡᠭᠦᠯᠡᠨ ᠪᠣᠳᠣᠯᠲᠠ ᠵᠡᠷᠭᠡ | ᠬᠦᠷᠢᠶᠡᠨ ᠳᠤ ᠬᠦᠴᠦᠷᠬᠡᠭ ᠶᠡᠭᠡ ᠰᠤᠳᠤᠯᠤᠨ ᠨᠡᠭᠡᠭᠡᠬᠦ ᠴᠢᠳᠠᠪᠤᠷᠢ ᠪᠠ ᠬᠦᠴᠦᠷᠬᠡᠭ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠪᠣᠳᠠᠲᠤ ᠬᠦᠴᠦᠨ ᠲᠠᠢ ᠶᠤᠮ᠃ ᠣᠳᠣᠬᠠᠨ ᠳᠤ᠂ ᠬᠥᠬᠡᠬᠤᠲᠠ ᠥᠪᠡᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠪᠠᠷ ᠣᠨᠴᠠᠯᠢᠭ ᠪᠣᠯᠭᠠᠭᠰᠠᠨ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ | ᠪᠣᠶᠢᠵᠢᠭᠤᠯᠵᠤ᠂ ᠲᠡᠷᠡᠴᠢᠯᠡᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ | ᠠᠬᠢᠭᠤᠯᠵᠤ᠂ ᠤᠳᠤ ᠨᠢᠭᠡᠨᠲᠡ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠬᠤ ᠭᠤᠣᠯ ᠴᠡᠭ | ᠪᠣᠯᠣᠨ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ | ᠵᠠᠩᠭᠢᠯᠠᠭ᠎ᠠ ᠶᠢᠨ ᠴᠡᠭ ᠪᠣᠯᠵᠤ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠳᠣᠯᠭ᠎ᠠ ᠶᠢᠨ ᠬᠦᠴᠦᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠂ ᠡᠨᠡ ᠨᠢ ᠵᠦᠩ ᠰᠢᠩ ᠴᠢᠮᠡᠭᠡ ᠬᠤᠯᠪᠣᠭ᠎ᠠ ᠶᠢᠨ | ᠬᠥᠬᠡᠬᠤᠲᠠ ᠳᠠᠬᠢ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠬᠠᠩᠭᠠᠬᠤ ᠪᠣᠯᠣᠨ᠎ᠠ᠃ ᠵᠦᠩ ᠰᠢᠩ | ᠴᠢᠮᠡᠭᠡ ᠬᠤᠯᠪᠣᠭ᠎ᠠ ᠬᠥᠭᠵᠢᠯᠲᠡ ᠶᠢᠨ ᠴᠣᠩᠬᠤᠪᠴᠢ ᠶᠢᠨ ᠬᠤᠭᠤᠴᠠᠭ᠎ᠠ ᠶᠢ ᠠᠮᠵᠢᠵᠤ᠂ 5G ᠶᠢᠨ ᠮᠡᠷᠭᠡᠵᠢᠯ ᠤᠨ | ᠬᠡᠷᠡᠭᠯᠡᠯᠲᠡ᠂ ᠪᠣᠳᠣᠯᠭ᠎ᠠ ᠶᠢᠨ ᠬᠦᠴᠦᠨ ᠤ ᠳᠡᠭᠡᠭᠰᠢᠯᠡᠯᠲᠡ᠂ ᠣᠶᠤᠨᠲᠤ ᠬᠤᠳᠠ᠂ ᠲᠣᠭᠠᠴᠢᠯᠠᠭᠰᠠᠨ ᠠᠵᠤ ᠠᠬᠤᠢ | ᠵᠡᠷᠭᠡ ᠲᠠᠯ᠎ᠠ ᠪᠠᠷ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠭᠠᠷᠳᠠᠴᠠ ᠶᠢ ᠣᠨᠣᠪᠴᠢᠲᠠᠢ ᠣᠯᠵᠤ᠂ | ᠣᠷᠣᠨ ᠤ ᠲᠥᠪ ᠬᠤᠳᠠ ᠶᠢᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ | ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠴᠤ ᠦᠷᠭᠦᠯᠵᠢᠯᠡᠨ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠠᠵᠤ | ᠠᠬᠤᠶᠢᠯᠠᠯ ᠤᠨ ᠬᠥᠬᠡᠬᠤᠲᠠ ᠳᠤ ᠪᠡᠯᠡ ᠣᠷᠣᠭᠤᠯᠤᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠪᠣᠯᠣᠨ᠎ᠠ ᠭᠡᠵᠡᠢ᠃ | ᠵᠤ᠋ ᠶᠦᠩ ᠲᠤᠤ ᠵᠥᠩ ᠰᠢᠩ ᠮᠡᠳᠡᠭᠡ ᠬᠤᠯᠪᠣᠭᠠᠨ ᠤ ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠶᠢᠨ | ᠢᠷᠡᠭᠡᠳᠦᠢ ᠪᠣᠯᠣᠨ ᠠᠵᠤ ᠦᠢᠯᠡᠰ ᠤᠨ ᠪᠠᠶᠢᠷᠢᠰᠢᠯ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠵᠠᠢ᠃ ᠲᠡᠷᠡ | ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠥᠪᠡᠷ ᠤᠨ ᠥᠷᠲᠡᠭ ᠤᠨ ᠳᠠᠪᠠᠭᠤᠯᠢᠭ ᠪᠠ | ᠠᠵᠤ ᠦᠢᠯᠡᠰ ᠤᠨ ᠳᠠᠪᠠᠭᠤᠯᠢᠭ ᠢᠯᠡᠳᠲᠡ ᠪᠠᠶᠢᠵᠤ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ | ᠪᠣᠳᠣᠬᠤ︾ ᠢᠨᠵᠧᠨᠧᠷᠢᠩ ᠢ ᠬᠡᠷᠡᠭᠵᠢᠭᠦᠯᠬᠦ ᠳᠡᠭᠡᠷ᠎ᠡ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠰᠠᠨ ᠪᠥᠭᠡᠳ | ᠵᠥᠩ ᠰᠢᠩ ᠴᠢᠮᠡᠭᠡ ᠬᠤᠯᠪᠣᠭ᠎ᠠ ᠶᠢᠨ ᠣᠯᠠᠨ ᠴᠢᠬᠤᠯᠠ ᠬᠡᠷᠡᠭᠯᠡᠭᠴᠢ ᠶᠢ ᠴᠤᠭᠯᠠᠷᠠᠭᠤᠯᠵᠤ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠦᠩ | ᠰᠢᠩ ᠴᠢᠮᠡᠭᠡ ᠬᠤᠯᠪᠣᠭ᠎ᠠ ᠨᠢ ᠲᠤᠰ ᠪᠡᠶ᠎ᠡ ᠶᠢᠨ ᠠᠵᠤ ᠦᠢᠯᠡᠰ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠣᠷᠣᠨ ᠤ ᠲᠥᠪ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠥᠷᠨᠢᠯᠲᠡ ᠳᠤ | ᠢᠳᠡᠪᠬᠢᠲᠡᠢ ᠠᠭᠤᠰᠤᠯᠴᠠᠵᠤ᠂ ᠡᠷᠲᠡᠬᠡᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ | ᠬᠠᠮᠲᠤᠷᠠᠯᠴᠠᠭᠠᠨ ᠤ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ ᠭᠡᠵᠡᠢ᠃ | ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠵᠢᠴᠢ ᠬᠠᠮᠢᠶ᠎ᠠ ᠪᠦᠬᠦᠢ ᠭᠠᠵᠠᠷ ᠣᠷᠣᠨ ᠤ | ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ |